ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯᠯᠠᠭ᠎ᠠ ᠶᠢ  ᠥᠷᠨᠢᠭᠦᠯᠪᠡ
ᠨᠡᠶᠢᠲᠡᠯᠡᠭᠰᠡᠨ ᠴᠠᠭ᠄
2023/2/17
   ᠣᠶᠢᠷ᠎ᠠ ᠶᠢᠨ ᠡᠳᠦᠷ ᠤᠳ ᠲᠤ᠂ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠢᠯᠣᠭᠤᠴᠢ ᠶᠢᠨ ᠠᠮᠤᠷ ᠲᠦᠪᠰᠢᠨ ᠤ ᠮᠠᠯᠠᠭᠠᠢ ᠵᠡᠭᠦᠬᠦ ᠨᠣᠷᠮ᠎ᠠ᠂ ᠠᠮᠤᠷ ᠲᠦᠪᠰᠢᠨ ᠤ ᠪᠦᠰᠡ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠂ ᠮᠠᠨ ᠤ  ᠲᠤᠭᠤᠷᠢᠭ ᠤᠨ ᠪᠣᠯᠪᠠᠰᠤᠨ ᠢᠶᠠᠷ ᠠᠶᠠᠯᠠᠬᠤ ᠶᠢ ᠦᠷᠭᠦᠯᠵᠢᠯᠡᠨ ᠠᠬᠢᠭᠤᠯᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠪᠡ᠃     ᠠᠵᠢᠯᠯᠠᠭ᠎ᠠ ᠶᠢᠨ ᠳᠤᠮᠳᠠ᠂ ᠵᠠᠮ ᠬᠠᠷᠢᠯᠴᠠᠭᠠᠨ ᠤ ᠴᠠᠭᠳᠠᠭ᠎ᠠ ᠵᠢᠨᠢᠩ ᠲᠣᠭᠤᠷᠢᠭ ᠤᠨ ᠤᠯᠠᠭᠠᠨ ᠵᠠᠮ᠂᠂ ᠠᠵᠢᠯᠴᠢᠨ ᠲᠠᠷᠢᠶᠠᠴᠢᠨ ᠤ ᠡᠮᠦᠨ᠎ᠡ ᠵᠠᠮ ᠵᠡᠷᠭᠡ 19 ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠠᠭᠤᠯᠵᠠᠷ ᠲᠤ᠂ ᠮᠠᠰᠢᠨᠲᠤ ᠲᠡᠷᠭᠡᠨ ᠳᠤ ᠰᠠᠭᠤᠬᠤ ᠬᠥᠮᠦᠰ ᠲᠤ ᠠᠮᠤᠷ ᠲᠦᠪᠰᠢᠨ ᠤ ᠪᠦᠰᠡ ᠪᠦᠰᠡᠯᠡᠬᠦ ᠥᠬᠡᠶ᠂ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠬᠤ ᠬᠥᠮᠦᠰ ᠲᠤ ᠠᠮᠤᠷ ᠲᠦᠪᠰᠢᠨ ᠤ ᠮᠠᠯᠠᠭᠠᠢ ᠵᠡᠭᠦᠬᠦ ᠥᠬᠡᠶ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠠᠮᠤᠷ ᠲᠦᠪᠰᠢᠨ ᠤ ᠢᠳᠬᠠᠯ ᠪᠠ ᠬᠥᠮᠦᠵᠢᠯ ᠬᠢᠵᠦ᠂ ᠵᠢᠯᠣᠭᠤᠴᠢ ᠬᠥᠮᠦᠰ ᠢ ︽ᠠᠮᠤᠷ ᠲᠦᠪᠰᠢᠨ ᠤ ᠪᠦᠰᠡ ᠪᠣᠯ ᠠᠮᠢ ᠨᠠᠰᠤᠨ ᠤ ᠪᠦᠰᠡ ᠮᠥᠨ︾ ︽ᠠᠮᠤᠷ ᠲᠦᠪᠰᠢᠨ ᠤ ᠮᠠᠯᠠᠭᠠᠢ ᠪᠣᠯ ᠬᠠᠯᠬᠠᠪᠴᠢ ᠮᠥᠨ︾ ᠭᠡᠬᠦ ᠪᠣᠯᠪᠠᠰᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠲᠠᠢ ᠪᠣᠯᠭᠠᠬᠤ ᠪᠠᠷ ᠬᠥᠲᠥᠯᠦᠨ ᠵᠢᠯᠣᠭᠤᠳᠪᠠ᠃   ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠢᠳᠬᠠᠨ ᠰᠠᠨᠠᠭᠤᠯᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠵᠢᠯᠣᠭᠤᠴᠢ ᠶᠢᠨ ︽ᠨᠢᠭᠡ ᠲᠣᠭᠤᠷᠢᠭ ᠲᠤ ᠠᠮᠤᠷ ᠲᠦᠪᠰᠢᠨ ᠪᠠᠶᠢᠬᠤ︾ ᠪᠣᠯᠪᠠᠰᠤᠨ ᠢᠶᠠᠷ ᠶᠠᠪᠤᠵᠤ ᠰᠠᠭᠤᠬᠤ ᠤᠬᠠᠮᠰᠠᠷ ᠢᠶᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ  ᠭᠡᠵᠡᠢ᠃                           ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2