ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠤᠶᠢᠷ᠎ᠠ ᠶᠢᠨ ᠬᠤᠭᠤᠴᠠᠭᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠪᠣᠯᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2023/2/20
705470.jpg
    2 ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠠᠬᠢᠴᠠ ᠪᠠ ᠲᠥᠷᠥᠯ ᠵᠦᠶᠯ ᠢ ᠠᠬᠢᠭᠤᠯᠵᠤ ᠪᠠᠶᠢᠭ᠎ᠠ ᠪᠠᠶᠢᠳᠠᠯ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠠᠶ᠃     ᠬᠤᠷᠠᠯ ᠳᠡᠭᠡᠷ᠎ᠡ᠂ ᠤᠶᠢᠷ᠎ᠠ ᠶᠢᠨ ᠬᠤᠭᠤᠴᠠᠭᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠪᠦᠬᠦᠯᠢ ᠴᠣᠭᠴᠠ ᠶᠢᠨ ᠵᠣᠯᠭᠠᠯᠴᠠᠭ᠎ᠠ ᠶᠢᠨ ᠪᠠᠶᠢᠳᠠᠯ ᠢ ᠰᠣᠨᠣᠰᠪᠠ ᠃ ᠬᠤᠷᠠᠯ ᠳᠤ ᠣᠷᠣᠯᠴᠠᠭᠰᠠᠳ ᠲᠤᠰ ᠲᠤᠰ ᠤᠨ ᠬᠦᠷᠢᠶᠡᠨ ᠳᠠᠬᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠶᠢ ᠠᠬᠢᠭᠤᠯᠤᠭᠰᠠᠨ ᠪᠠ ᠲᠦᠷᠦᠯ ᠵᠦᠢᠯ ᠤᠨ ᠠᠬᠢᠴᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠠᠬᠢᠭᠤᠯᠤᠭᠰᠠᠨ ᠵᠡᠷᠭᠡ ᠪᠠᠶᠢᠳᠠᠯ ᠢᠶᠠᠨ ᠲᠤᠰ ᠲᠤᠰ ᠬᠠᠷᠢᠭᠤ ᠮᠡᠳᠡᠭᠦᠯᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢ ᠣᠶᠢᠯᠠᠭᠠᠵᠤ ᠂ ᠭᠠᠳᠠᠭᠰᠢ ᠭᠠᠷᠬᠤ᠂ ᠤᠷᠢᠵᠤ ᠠᠪᠴᠢᠷᠠᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯᠲᠠᠨ ᠲᠠᠢ ᠦᠷᠭᠦᠯᠵᠢᠯᠡᠨ ᠬᠠᠷᠢᠯᠴᠠᠵᠤ᠂ ᠲᠥᠷᠥᠯ ᠵᠦᠶᠯ ᠢ ᠵᠣᠯᠭᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠠᠬᠢᠴᠠ ᠶᠢ ᠦᠷᠭᠦᠯᠵᠢᠯᠡᠨ ᠲᠦᠷᠭᠡᠳᠬᠡᠵᠦ᠂ ᠦᠢᠯᠡᠴᠢᠯᠡᠭᠡᠨ ᠤ ᠤᠬᠠᠮᠰᠠᠷ ᠪᠣᠯᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠬᠠᠮᠤᠭ ᠤᠨ ᠲᠦᠷᠭᠡᠨ ᠨᠠᠶᠢᠳᠠᠪᠤᠷᠢᠵᠢᠭᠤᠯᠵᠤ ᠠᠵᠢᠯ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠬᠤᠷᠢᠶᠠᠩᠭᠤᠶ ᠭᠠᠷ ᠳᠡᠪᠲᠡᠷ ᠢ ᠨᠠᠶᠢᠷᠠᠭᠤᠯᠤᠨ ᠵᠣᠬᠢᠶᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠮᠡᠳᠡᠭᠡᠯᠡᠬᠦ᠂ ᠳᠣᠭᠢᠷᠠᠭᠤᠯᠬᠤ ᠂ ᠭᠥᠯᠢᠶᠡᠨ ᠠᠪᠬᠤ᠂ ᠵᠥᠪᠳᠡᠯᠴᠡᠬᠦ ᠵᠡᠷᠭᠡ ᠲᠦᠷᠢᠮ ᠢ ᠪᠦᠷᠢᠨᠰᠢᠬᠦᠯᠦᠨ ᠪᠠᠶᠢᠭᠤᠯᠬᠤ ᠬᠡᠷᠡᠭᠲᠡᠶ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠭᠤᠷ ᠠᠮᠢᠰᠬᠤᠯ ᠢ ᠦᠷᠭᠦᠯᠵᠢᠯᠡᠨ ᠥᠳᠬᠡᠨ ᠵᠤᠵᠠᠭᠠᠨ ᠪᠠᠶᠢᠯᠭᠠᠵᠤ᠂ ᠲᠡᠷᠢᠭᠦᠨ ᠤ ᠬᠢ ᠶᠢ ᠮᠠᠭᠲᠠᠨ ᠰᠠᠶᠢᠰᠢᠶᠠᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠮᠠᠨ ᠤ  ᠲᠤᠭᠤᠷᠢᠭ ᠤᠨ  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃    ᠲᠦᠩ ᠢ᠂ ᠳ᠋ᠧᠦ ᠲᠤᠤ ᠷᠠᠨ᠂ ᠵᠠᠩ ᠱᠧᠩ ᠵᠢᠶᠠᠩ᠂  ᠶᠤᠤ ᠬᠠᠢ ᠮᠢᠩ᠂ ᠯᠢ ᠵᠢᠩ᠂ ᠵᠠᠩ ᡁᠢ ᠷᠦᠩ᠂ ᠯᠢ ᠯᠢᠨ᠂ ᠱᠢ ᠭᠤᠸᠠᠩ᠂ ᠯᠢᠦ ᡁᠢ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                   ᠵᠢᠷᠤᠭ᠄ ᠴᠢᠶᠤᠤ ᠮᠢᠨ                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2