ᠵᠠᠩ ᠶᠦᠩ ᠸᠧᠨ ᠮᠠᠨ ᠤ ᠲᠤᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/2/20
705470.jpg
ᠵᠠᠩ ᠶᠦᠩ ᠸᠧᠨ ᠮᠠᠨ ᠤ ᠲᠤᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ    2 ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠤᠷᠢᠳ ᠬᠤᠵᠢᠳ ᠹᠠᠩ ᠵᠧᠩ ᠺᠠᠩ ᠬᠤᠲᠠ ᠶᠢᠨ ᠪᠠᠷᠠᠭᠤᠨ ᠭᠤᠳᠤᠮᠵᠢ᠂ ᠹᠦ᠋ ᠬᠤᠸᠠ ᠨᠡᠶᠢᠭᠡᠮ ᠲᠣᠭᠤᠷᠢᠭ ᠤᠨ ᠵᠡᠭᠦᠨ ᠭᠤᠳᠤᠮᠵᠢ᠂ ᠹᠦ᠋ ᠬᠤᠸᠠ ᠨᠡᠶᠢᠭᠡᠮ ᠲᠣᠭᠤᠷᠢᠭ᠂ ᠲᠢᠶᠠᠨ ᠯᠢ ᠰᠤᠷᠭᠠᠭᠤᠯᠢ ᠶᠢᠨ ᠡᠷᠬᠢᠨ ᠲᠣᠭᠤᠷᠢᠨ ᠵᠡᠷᠭᠡ ᠭᠠᠵᠠᠷ ᠲᠤ ᠬᠦᠷᠴᠦ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃    ᠵᠠᠩ ᠶᠦᠩ ᠸᠧᠨ᠂ ᠹᠠᠩ ᠵᠧᠩ ᠺᠠᠩ ᠬᠤᠳᠠ ᠶᠢᠨ ᠪᠠᠷᠠᠭᠤᠨ ᠭᠤᠳᠤᠮᠵᠢ᠂ ᠹᠦ᠋ ᠬᠤᠸᠠ ᠨᠡᠶᠢᠭᠡᠮ ᠲᠣᠭᠤᠷᠢᠭ ᠤᠨ ᠵᠡᠭᠦᠨ ᠭᠤᠳᠤᠮᠵᠢ ᠳᠤ ᠬᠦᠷᠴᠦ᠂᠂ ᠵᠡᠭᠡᠯᠢ ᠭᠤᠳᠤᠮᠵᠢ ᠶᠢᠨ ᠲᠦᠭᠵᠢᠷᠡᠯ᠂  ᠦᠯᠡᠳᠡᠭᠳᠡᠯ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠤᠯᠠᠨ ᠲᠦᠮᠡᠨ ᠳᠤ ᠨᠡᠩ ᠠᠷᠢᠭᠤᠨ ᠴᠡᠪᠡᠷ᠂ ᠨᠡᠩ ᠳᠥᠭᠦᠮ ᠳᠥᠲᠡ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ  ᠭᠡᠵᠡᠢ᠃ ᠳᠠᠷᠠᠭ᠎ᠠ ᠨᠢ᠂ ᠹᠦ᠋ ᠬᠤᠸᠠ ᠨᠡᠶᠢᠭᠡᠮ ᠲᠣᠭᠤᠷᠢᠭ ᠲᠤ ᠬᠦᠷᠴᠦ᠂ ᠵᠠᠩ ᠶᠦᠩ ᠸᠧᠨ ᠨᠡᠶᠢᠭᠡᠮ ᠲᠣᠭᠤᠷᠢᠭ ᠤᠨ ᠬᠤᠳᠠ ᠶᠢ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠬᠡᠮᠵᠢᠶ᠎ᠡ  ᠶᠢ ᠯᠠᠪᠯᠠᠨ ᠠᠰᠠᠭᠤᠪᠠ᠃ ᠲᠡᠷᠡ᠂ ᠬᠤᠳᠠ ᠪᠠᠶᠢᠭᠤᠯᠬᠤ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠵᠠ ᠵᠠᠪᠰᠢᠶᠠᠨ ᠢ ᠡᠷᠢᠬᠦ ᠪᠤᠳᠤᠯ ᠢᠶᠠᠨ ᠡᠷᠡᠰ ᠲᠠᠶᠠᠭᠳᠠᠵᠤ᠂ ᠠᠰᠠᠭᠤᠳᠠᠯ ᠤᠨ ᠬᠦᠷᠦᠯᠴᠡᠬᠦ ᠦᠬᠡᠢ ᠲᠠᠯ᠎ᠠ ᠶᠢ ᠪᠦᠬᠦ ᠲᠠᠯ᠎ᠠ ᠪᠠᠷ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠨᠡᠩ ᠶᠡᠭᠡ ᠡᠷᠴᠢᠮ ᠢᠶᠠᠷ ᠰᠠᠶᠢᠲᠤᠷ ᠠᠳᠬᠤᠬᠤ ᠬᠡᠷᠡᠭᠲᠡᠢ ᠃ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠥᠷᠭᠡᠨ ᠣᠯᠠᠨ ᠲᠦᠮᠡᠨ ᠢ ᠳᠠᠶᠢᠴᠢᠯᠠᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠳᠡᠮᠵᠢᠵᠦ᠂ ᠪᠥᠬᠦ ᠬᠦᠴᠦᠨ ᠢᠶᠠᠷ ᠢᠶᠠᠨ ᠣᠷᠣᠯᠴᠠᠭᠤᠯᠵᠤ᠂ ᠬᠤᠲᠠ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ᠵᠠᠩ ᠶᠦᠩ ᠸᠧᠨ᠂ ᠲᠢᠶᠠᠨ ᠯᠢ ᠰᠤᠷᠭᠠᠭᠤᠯᠢ ᠶᠢᠨ ᠲᠣᠭᠤᠷᠢᠨ ᠳᠤ ᠬᠦᠷᠴᠦ᠂  ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠡᠮᠬᠢ ᠳᠢᠭᠯᠢᠮ ᠵᠡᠷᠭᠡ ᠶᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ᠃ ᠲᠡᠷᠡ ᠬᠡᠯᠡᠬᠦ ᠳᠡᠭᠡᠨ ᠂ ᠰᠤᠷᠭᠠᠭᠤᠯᠢ ᠨᠤᠭᠤᠳ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠡᠤᠬᠡᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ᠂ ᠥᠷᠲᠡᠭ ᠤᠨ ᠦᠵᠡᠯᠲᠡ ᠲᠠᠢ ᠪᠣᠯᠭᠠᠵᠤ᠂ ᠨᠠᠰᠤᠨ ᠳᠤ ᠥᠯᠥ ᠭᠦᠷᠦᠭᠰᠡᠳ ᠢ ᠪᠣᠯᠪᠠᠰᠤᠨ ᠢ ᠡᠷᠬᠢᠮᠯᠡᠨ᠂ ᠰᠢᠨ᠎ᠡ ᠰᠤᠷᠲᠠᠯ ᠢ ᠪᠣᠶ ᠪᠣᠯᠭᠠᠵᠤ᠂ ᠵᠥᠪ ᠶᠣᠰᠣ ᠮᠣᠷᠠᠯ ᠤᠨ ᠦᠵᠡᠯᠲᠡ ᠪᠠ ᠰᠠᠶᠢᠨ ᠰᠠᠶᠢᠬᠠᠨ ᠪᠣᠯᠪᠠᠰᠤᠨ ᠦᠶᠯᠡ ᠠᠵᠢᠯᠯᠠᠭᠠᠨ ᠤ ᠳᠠᠳᠬᠠᠯ ᠲᠠᠢ ᠪᠣᠯᠭᠠᠬᠤ ᠬᠡᠷᠡᠭᠲᠡᠶ ᠭᠡᠵᠡᠶ᠃    ᠯᠢ ᠵᠢᠩ᠂ ᠶᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                       ᠵᠢᠷᠤᠭ᠄ ᠭᠦᠸᠧ ᠸᠧᠨ ᠵᠢᠶᠧ                       ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2