ᠵᠢᠨᠢᠩ ᠲᠣᠭᠤᠷᠢᠭ ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/2/22
809470.jpg
     2 ᠳ᠋ᠤᠭᠠᠷ ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠠ᠃     ᠬᠤᠳᠠ ᠶᠢᠨ ᠨᠠᠮ ᠤᠨ ᠬᠤᠷᠢᠶ᠎ᠠ  ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠶᠦᠩ ᠸᠧᠨ᠂ ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠦ᠋ ᠺᠦᠢ ᠱᠧᠩ᠂ ᠳᠡᠳ᠋ ᠶᠡᠷᠦᠩᠬᠡᠢ ᠵᠠᠬᠢᠷᠤᠭᠴᠢ ᠵᠠᠩ ᠪᠦᠦ ᠯᠢᠨ ᠶᠠᠷᠢᠯᠴᠠᠬᠤ ᠬᠤᠷᠠᠯ ᠳᠤ ᠣᠷᠣᠯᠴᠠᠪᠠ᠃     ᠶᠠᠷᠢᠯᠴᠠᠬᠤ ᠬᠤᠷᠠᠯ ᠳᠡᠭᠡᠷ᠎ᠡ᠂ ᠦ᠋ ᠺᠦᠢ ᠱᠧᠩ ᠺᠣᠮᠫᠠᠨᠢ ᠶᠢᠨ ᠬᠥᠭᠵᠢᠯᠲᠡ ᠶᠢᠨ ᠶᠠᠪᠤᠴᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠵᠢᠴᠢ ︽ᠮᠧᠩ ᠰᠢ︾᠎ ᠪᠠᠷ ᠭᠤᠣᠯ ᠪᠣᠯᠭᠠᠭᠰᠠᠨ ᠪᠠᠷᠠᠭᠠᠨ ᠤ  ᠰᠦᠯᠵᠢᠶ᠎ᠡ ᠶᠢᠨ ᠮᠡᠷᠭᠡᠵᠢᠯ ᠤᠨ ᠤᠶᠤᠨᠲᠤ ᠬᠤᠳᠠ᠂ ᠤᠶᠤᠨᠲᠤ ᠵᠠᠮ ᠬᠠᠷᠢᠯᠴᠠᠭ᠎ᠠ᠂ ᠤᠶᠤᠨᠲᠤ ᠴᠠᠬᠢᠯᠭᠠᠨ ᠬᠦᠴᠦᠨ ᠤ ᠡᠨᠧᠷᠭᠢ᠂ ᠤᠶᠤᠨᠲᠤ ᠰᠤᠷᠭᠠᠨ ᠬᠥᠮᠦᠵᠢᠯ ᠵᠡᠷᠭᠡ ᠤᠯᠠᠨ ᠬᠦᠷᠢᠶᠡᠨ ᠳᠠᠬᠢ ᠬᠡᠷᠡᠭᠯᠡᠭᠡᠨ ᠤ ᠪᠠᠶᠢᠳᠠᠯ ᠢ ᠲᠠᠨᠢᠯᠴᠠᠭᠤᠯᠪᠠ᠃      ᠵᠠᠩ ᠶᠦᠩ ᠸᠧᠨ ᠂ ᠦ᠋ ᠺᠦᠢ ᠱᠧᠩ ᠨᠡᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠪᠣᠯ ᠴᠠᠬᠢᠮ ᠵᠢᠷᠤᠭ ᠲᠥᠯᠥᠪᠯᠡᠭᠡ ᠶᠢ ᠬᠠᠮᠤᠷᠤᠭᠰᠠᠨ ᠳᠡᠭᠡᠳᠦ ᠲᠠᠰ ᠤᠨ ᠦᠶᠯᠡᠳᠬᠦ ᠦᠶᠯᠡᠰ + ᠮᠡᠳᠡᠭᠡ ᠵᠠᠩᠭᠢ ᠶᠢᠨ ᠦᠶᠯᠡᠴᠢᠯᠡᠭᠡ ᠶᠢ ᠬᠠᠮᠤᠷᠤᠭᠰᠠᠨ ᠰᠢᠶᠠᠩᠭᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠮᠥᠨ᠂ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠬᠡᠷᠡᠭᠯᠡᠭᠡᠨ ᠤ ᠲᠠᠯᠠᠪᠤᠷ ᠢᠶᠠᠷ ᠥᠷᠭᠡᠨ ᠪᠠᠶᠢᠳᠠᠭ᠃ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠨᠡᠪᠲᠡᠷᠡᠯᠴᠡᠭᠡ ᠪᠠᠨ ᠴᠢᠨᠠᠭᠰᠢᠳᠠ ᠴᠢᠩᠭᠠᠳᠬᠠᠵᠤ᠂ ᠤᠶᠤᠨᠲᠤ ᠬᠤᠳᠠ ᠶᠢᠨ ᠪᠦᠳᠦᠬᠡᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠳᠡᠰ ᠳᠡᠪᠰᠢᠬᠦ ᠵᠡᠷᠭᠡ  ᠬᠦᠷᠢᠶᠡᠨ ᠳᠤ ᠪᠦᠬᠦ ᠲᠠᠯ᠎ᠠ ᠶᠢᠨ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠲᠣᠭᠠᠴᠢᠯᠠᠯᠲᠠ ᠪᠠᠷ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠣᠶᠤᠨᠴᠢ ᠬᠤᠳᠠ ᠶᠢᠨ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠤᠳᠠ ᠶᠢᠨ ᠪᠦᠳᠦᠬᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠨᠠᠭᠰᠢᠳᠠ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ  ᠭᠡᠵᠡᠢ ᠃     ᠵᠠᠩ ᡁᠢ ᠷᠦᠩ᠂ ᠱᠢ ᠭᠤᠸᠠᠩ ᠵᠢᠴᠢ  ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃                                   ᠵᠢᠷᠤᠭ᠄ ᠭᠦᠸᠧ ᠸᠧᠨ ᠵᠢᠶᠧ                                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2