ᠵᠢᠨᠢᠩ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠯᠠᠭᠠᠨᠴᠠᠪ ᠬᠤᠲᠠ ᠶᠢᠨ ᠾᠧᠪᠸᠢ ᠶᠢᠨ ᠬᠤᠳᠠᠯᠳᠤᠭᠠᠴᠢᠳ ᠤᠨ ᠡᠪᠯᠡᠯ ᠲᠠᠢ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2023/2/22
767470.jpg
     2 ᠳ᠋ᠤᠭᠠᠷ ᠰᠠᠷ᠎ᠠ ᠶᠢᠨ 21᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠯᠠᠭᠠᠨᠴᠠᠪ ᠬᠤᠲᠠ ᠶᠢᠨ ᠾᠧᠪᠸᠢ ᠶᠢᠨ ᠬᠤᠳᠠᠯᠳᠤᠭᠠᠴᠢᠳ ᠤᠨ ᠡᠪᠯᠡᠯ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠠᠰᠠᠭᠤᠳᠠᠯ ᠢ ᠰᠢᠶᠳᠪᠦᠷᠢᠯᠡᠬᠦ ᠵᠡᠷᠭᠡ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃    ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠱᠧᠩ ᠵᠢᠶᠠᠩ᠂ ᠤᠯᠠᠭᠠᠨᠴᠠᠪ ᠬᠤᠲᠠ ᠶᠢᠨ ᠾᠧᠪᠸᠢ ᠎ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠶᠠᠩ ᠭᠦᠸᠧ ᠸᠧᠨ ᠵᠢᠴᠢ ᠬᠡᠰᠡᠭ ᠠᠵᠤ ᠠᠬᠤᠶᠢᠯᠠᠯᠲᠠᠨ ᠤ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃     ᠶᠠᠷᠢᠯᠴᠠᠬᠤ ᠬᠤᠷᠠᠯ ᠳᠡᠭᠡᠷ᠎ᠡ᠂ ᠬᠤᠳᠠᠯᠳᠤᠭᠠᠴᠢᠳ ᠤᠨ ᠡᠪᠯᠡᠯ ᠤᠨ ᠬᠥᠭᠵᠢᠯᠲᠡ ᠶᠢᠨ ᠪᠠᠶᠢᠳᠠᠯ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠨᠠᠷᠢᠨ ᠬᠢᠨᠠᠮᠠᠭᠠᠢ ᠰᠣᠨᠣᠰᠴᠤ᠂ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠡᠷᠭᠡ ᠶᠢ ᠬᠠᠮᠲᠤᠪᠠᠷ ᠰᠣᠯᠢᠯᠴᠠᠨ ᠶᠠᠷᠢᠯᠴᠠᠪᠠ᠃     ᠵᠠᠩ ᠱᠧᠩ ᠵᠢᠶᠠᠩ ᠢᠯᠡᠷᠬᠡᠶᠢᠯᠡᠬᠦ ᠳᠡᠭᠡᠨ᠂ ᠵᠢᠨᠢᠩ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ︽ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠨ ᠢ ᠬᠠᠪᠰᠤᠷᠤᠨ ᠪᠣᠯᠵᠣᠬᠤ᠂ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠰᠢᠶᠳᠪᠦᠷᠢᠯᠡᠵᠦ ᠥᠭᠬᠦ︾ ᠬᠢᠨᠠᠯᠲᠠ ᠲᠠᠯᠪᠢᠵᠤ ᠦᠶᠯᠡᠴᠢᠯᠡᠬᠦ ︽ᠵᠢᠷᠭᠤᠭᠠᠨ ᠠᠯᠬᠤᠮ ᠤᠨ ᠠᠵᠢᠯ ᠤᠨ ᠠᠷᠭ᠎ᠠ︾᠎ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠵᠦ ᠥᠭᠭᠦᠨ᠎ᠡ ᠭᠡᠵᠡᠶ᠃ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠦᠢᠯᠡᠳᠦᠯ ᠢ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ ᠢ ᠱᠠᠯᠠᠪᠳᠠᠭᠤᠯᠤᠨ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ  ᠢ ᠰᠢᠯᠢᠳᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ︽ᠡᠪᠡᠷᠰᠢᠶᠡᠯ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭᠠᠲᠤ ᠪᠤᠰᠤ ᠪᠠᠶᠢᠳᠠᠯ ᠢ ᠰᠠᠨᠠᠭᠠᠴᠢᠯᠠᠭᠠᠲᠤ ᠪᠠᠶᠢᠳᠠᠯ ᠪᠣᠯᠭᠠᠨ ᠬᠤᠪᠢᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠥᠨᠢ ᠤᠳᠠᠭᠠᠨ ᠠᠵᠢᠯᠯᠠᠵᠤ᠂ ᠦᠷᠭᠦᠯᠵᠢᠯᠡᠨ ᠬᠦᠴᠦᠯᠡᠬᠦ ᠬᠡᠷᠡᠭᠲᠡᠢ  ᠭᠡᠵᠡᠢ᠃     ᠣᠶᠢᠯᠠᠭᠠᠭᠰᠠᠨ ᠢᠶᠠᠷ᠂ ᠵᠢᠨᠢᠩ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢᠭᠡ ᠭᠠᠷᠠᠭ ᠤᠨ ᠬᠤᠭᠤᠴᠠᠭ᠎ᠠ ᠲᠠᠢ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠬᠤᠳᠠᠯᠳᠤᠭᠠᠨ ᠤ ᠡᠪᠯᠡᠯ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ᠂ ︽ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠨ ᠢ ᠬᠠᠪᠰᠤᠷᠤᠨ ᠪᠣᠯᠵᠣᠬᠤ᠂ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠶᠳᠪᠦᠷᠢᠯᠡᠵᠦ ᠥᠭᠬᠦ︾ ᠬᠢᠨᠠᠯᠲᠠ ᠲᠠᠯᠪᠢᠬᠤ ᠦᠶᠯᠡᠴᠢᠯᠡᠭᠡ ᠶᠢ ᠦᠨᠡᠨ ᠬᠦ ᠬᠡᠷᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠲᠠᠢ ᠠᠰᠠᠭᠤᠳᠠᠯ ᠢ ᠨᠢ ᠰᠢᠶᠳᠪᠦᠷᠢᠯᠡᠵᠦ᠂ ᠡᠵᠡᠩᠨᠡᠯᠲᠡ ᠶᠢᠨ ᠣᠷᠴᠢᠨ ᠨᠥᠬᠦᠴᠡᠯ ᠢ ᠨᠥᠯᠥᠭᠡᠯᠡᠵᠦ ᠪᠠᠶᠢᠭ᠎ᠠ ︽ᠬᠦᠴᠢᠷᠳᠡᠯ ᠲᠠᠢ ᠭᠠᠵᠠᠷ︾ ︽ᠲᠦᠭᠵᠢᠷᠡᠯ ᠲᠠᠢ ᠭᠠᠵᠠᠷ︾᠎ ᠤᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ  ᠭᠡᠵᠡᠢ᠃                              ᠵᠢᠷᠤᠭ᠄ ᠭᠦᠸᠧ ᠸᠧᠨ ᠵᠢᠶᠧ                              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ  ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2