ᠦᠨᠡᠨ ᠰᠡᠳᠬᠢᠯ ᠠᠴᠠ ᠪᠠᠨ ᠠᠷᠠᠳ ᠤᠨ ︽ᠰᠡᠳᠬᠢᠯ ᠤᠨ ᠵᠠᠩᠭᠢᠷᠠᠭ᠎ᠠ︾᠎ ᠶᠢ ᠲᠠᠶᠢᠯᠵᠤ᠂ ᠬᠡᠷᠡᠭ ᠲᠤ ᠴᠢᠭᠯᠡᠭᠦᠯᠦᠨ ᠳᠣᠷᠣᠭᠰᠢ ᠪᠠᠨ ᠰᠤᠷᠪᠤᠯᠵᠢᠯᠠᠵᠤ ︽ᠠᠷᠠᠳ ᠤᠨ ᠵᠣᠪᠠᠨᠢᠯ︾᠎ ᠢ ᠠᠷᠢᠯᠭᠠᠨ᠎ᠠ
ᠨᠡᠶᠢᠲᠡᠯᠡᠭᠰᠡᠨ ᠴᠠᠭ᠄
2023/2/22
    ᠰᠢ ᠶᠢᠨ ᠫᠢᠩ ᠶᠡᠷᠦᠩᠬᠡᠢ ᠱᠦᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠦᠢᠯᠡᠳᠦᠯᠭᠡᠵᠢᠭᠦᠯᠬᠦ ᠶᠢᠨ ᠲᠥᠯᠥᠭᠡ᠂ ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ  ᠲᠣᠪᠴᠢᠶ᠎ᠠ ᠢᠮᠠᠭᠲᠠ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠷᠢᠮᠲᠠᠯᠠᠵᠤ᠂ ᠬᠠᠶᠢᠷ᠎ᠠ ᠰᠡᠳᠬᠢᠯᠭᠡ᠂ ᠬᠠᠷᠢᠭᠤᠴᠠᠯᠭ᠎ᠠ ᠶᠢ ᠡᠪᠦᠷᠯᠡᠨ ᠴᠡᠷᠢᠭ ᠠᠴᠠ ᠬᠠᠯᠠᠭᠳᠠᠭᠰᠠᠳ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃    2 ᠰᠠᠷ᠎ᠠ ᠶᠢᠨ 13᠎ ᠤ ᠡᠳᠦᠷ ᠠᠴᠠ 2 ᠰᠠᠷ᠎ᠠ ᠶᠢᠨ 21᠎ ᠤ ᠡᠳᠦᠷ ᠪᠣᠯᠲᠠᠯ᠎ᠠ᠂ ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠵᠥᠷᠢᠴᠡᠯ ᠵᠢᠭᠤᠷᠠᠯᠳᠤᠭᠠᠨ ᠢ ᠬᠢᠨᠠᠮᠠᠭᠠᠶ ᠡᠮᠬᠢᠯᠡᠨ ᠪᠠᠶᠢᠴᠠᠭᠠᠭᠰᠠᠨ ᠤ ᠳᠠᠷᠠᠭ᠎ᠠ᠂ ᠲᠣᠪᠴᠢᠶ᠎ᠠ ᠶᠢᠨ ᠤᠳᠤᠷᠢᠳᠬᠤ ᠪᠠᠭ ᠵᠢᠴᠢ ᠬᠤᠯᠪᠣᠭᠳᠠᠯ ᠪᠥᠬᠦᠶ ᠬᠤᠪᠢ ᠣᠷᠣᠭᠤᠯᠤᠭᠰᠠᠨ ᠲᠠᠰᠤᠭ ᠤᠨ ᠠᠵᠢᠯᠲᠠᠳ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯᠲᠠᠳ ᠲᠠᠢ ᠣᠯᠠᠨ ᠤᠳᠠᠭ᠎ᠠ ᠪᠣᠯᠵᠣᠨ ᠶᠠᠷᠢᠯᠴᠠᠬᠤ ᠪᠠ ᠰᠤᠷᠪᠤᠯᠵᠢᠯᠠᠵᠤ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠭᠤᠮᠣᠳᠠᠯ ᠱᠠᠭᠠᠷᠳᠠᠯᠭ᠎ᠠ ᠳᠤ ᠢᠳᠡᠪᠬᠢᠲᠡᠶ ᠬᠠᠷᠢᠭᠤᠯᠲᠠ ᠥᠭᠴᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠤᠨ ᠵᠥᠷᠢᠴᠡᠯ ᠢ ᠰᠢᠶᠳᠪᠦᠷᠢᠯᠡᠬᠦ ᠶᠢ ᠳᠥᠯᠭᠢᠨ ᠠᠬᠢᠭᠤᠯᠪᠠ᠃    ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ  ᠲᠣᠪᠴᠢᠶ᠎ᠠ ︽ᠳᠤᠯᠤᠭ᠎ᠠ ᠶᠢ ᠲᠠᠶᠠᠭᠳᠠᠬᠤ︾ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ︽ᠬᠡᠷᠡᠭ ᠲᠤ ᠴᠢᠭᠯᠡᠭᠦᠯᠦᠨ ᠳᠣᠷᠣᠭᠰᠢ ᠰᠤᠷᠪᠤᠯᠵᠢᠯᠠᠬᠤ︾᠎ ᠶᠢ ᠪᠠᠷᠢᠮᠲᠠᠯᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠲᠠᠢ ᠨᠢᠭᠤᠷᠲᠠᠨ ᠰᠠᠨᠠᠯ ᠢᠶᠠᠨ ᠰᠣᠯᠢᠯᠴᠠᠵᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠡᠳᠬᠢᠴᠡ ᠶᠢ ᠨᠢ ᠲᠠᠶᠢᠳᠬᠤᠷᠠᠭᠤᠯᠤᠨ ᠵᠢᠯᠣᠭᠤᠳᠬᠤ ᠪᠠ ᠰᠤᠷᠭᠠᠨ ᠬᠥᠮᠦᠵᠢᠭᠦᠯᠬᠦ ᠠᠵᠢᠯ ᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠤᠨ ᠠᠯᠪᠠᠨ ᠠᠴᠠ ᠪᠠᠭᠤᠭᠰᠠᠳ ᠢ ᠰᠡᠳᠬᠢᠯ ᠬᠠᠨᠤᠮᠵᠢᠲᠠᠢ ᠪᠣᠯᠭᠠᠬᠤ ᠪᠠᠷ  ᠴᠢᠷᠮᠠᠶᠢᠵᠦ ᠪᠠᠶᠢᠨ᠎ᠠ᠃           ᠣᠷᠴᠢᠭᠤᠯᠤᠭᠴᠢ᠄ ᠳ᠋ᠦᠩ ᠾᠦᠢ
 
ᠢᠷᠡᠯᠲᠡ᠄ ᠵᠢᠨᠢᠩ ᠲᠣᠭᠣᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2