ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/24
       ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ  ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ      ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ  ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ      ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 22᠎ ᠤᠨ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 22᠎ ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ︔ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ ᠃      ᠬᠤᠷᠠᠯ ᠠᠴᠠ᠂ ᠵᠠᠰᠠᠭ ᠤᠨ ᠣᠷᠳᠣᠨ ᠤ ᠡᠷᠬᠡ ᠠᠷᠠᠳ ᠲᠦᠮᠡᠨ ᠠᠴᠠ ᠢᠷᠡᠯᠲᠡ ᠲᠠᠢ ᠂ ᠵᠠᠰᠠᠭ ᠶᠠᠪᠤᠭᠤᠯᠬᠤ ᠳᠤ ᠪᠠᠨ ᠡᠷᠬᠡᠪᠰᠢ ᠠᠷᠠᠳ ᠲᠦᠮᠡᠨ ᠤ ᠬᠦᠰᠡᠯ ᠨᠠᠶᠢᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠯ ᠵᠠᠰᠠᠭ ᠤᠨ ᠣᠷᠳᠣᠨ ᠤ ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢᠶᠠᠨ ᠬᠠᠯᠠᠨ ᠰᠠᠶᠢᠵᠢᠷᠠᠭᠤᠯᠬᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠳᠠᠭ᠃ ᠨᠢᠳᠤᠨᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠳᠡ 8721 ᠬᠤᠪᠢ᠂ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠳᠡ 5865 ᠬᠤᠪᠢ ᠰᠢᠢᠳᠪᠦᠷᠢᠯᠡᠪᠡ᠃ ᠡᠨᠡ ᠨᠢ ᠲᠤᠰ ᠲᠤᠰ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢᠨ ᠪᠦᠬᠦ ᠲᠣᠭᠠᠨ ᠤ 94.8% ᠂ 95%᠎ ᠶᠢ ᠡᠵᠡᠯᠡᠪᠡ᠃ ᠥᠩᠭᠡᠷᠡᠭᠰᠡᠨ 5 ᠵᠢᠯ ᠳᠤ᠂ ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠡᠶᠢᠳᠡ 1.8 ᠲᠦᠮᠡ ᠭᠠᠷᠤᠢ ᠵᠤᠷᠪᠤᠰ ᠭᠥᠯᠢᠶᠡᠨ ᠠᠪᠴᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ 7800 ᠭᠠᠷᠤᠢ ᠵᠤᠷᠪᠤᠰ ᠨᠡᠶᠢᠲᠡᠯᠡᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠪᠠ ᠠᠷᠠᠳ ᠤᠯᠠᠨ ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠳᠤ ᠬᠤᠯᠪᠣᠭᠳᠠᠭᠰᠠᠨ ᠮᠠᠰᠢ ᠤᠯᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠣᠨ ᠤ ᠭᠤᠣᠯᠳᠠᠯᠭ᠎ᠠ ᠲᠠᠢ ᠡᠭᠦᠷᠭᠡ ᠪᠠᠨ ᠪᠣᠯᠭᠠᠵᠤ᠂ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠪᠠ ᠰᠢᠨᠡᠴᠢᠯᠡᠵᠦ ᠂ ᠱᠠᠲᠤ ᠬᠤᠪᠢᠶᠠᠨ ᠬᠠᠷᠢᠭᠤᠴᠠᠬᠤ᠂ ᠡᠬᠡ ᠲᠠᠩᠰᠠ ᠶᠢ ᠬᠠᠮᠢᠶᠠᠷᠬᠤ᠂ ᠮᠥᠷᠳᠡᠨ ᠰᠢᠮᠳᠠᠭᠤᠯᠵᠤ ᠰᠢᠢᠳᠪᠦᠷᠢᠯᠡᠬᠦ᠂ ᠨᠢᠭᠡᠳ ᠨᠢᠭᠡ ᠪᠠᠷ ᠬᠠᠷᠢᠭᠤᠯᠲᠠ ᠥᠭᠬᠦ ᠵᠡᠷᠭᠡ ᠲᠣᠭᠲᠠᠴᠠ ᠶᠢ ᠨᠡᠶᠢᠳᠡᠮ ᠪᠠᠶᠢᠭᠤᠯᠵᠤ᠂ ᠨᠡᠯᠢᠶᠡᠳ ᠲᠡᠭᠦᠯᠳᠡᠷᠵᠢᠭᠰᠡᠨ ᠵᠢᠷᠤᠮᠵᠢᠭᠰᠠᠨ ᠳᠦᠷᠢᠮ ᠢ ᠪᠦᠷᠢᠯᠳᠦᠭᠦᠯᠪᠡ ︔ ᠲᠥᠯᠥᠭᠡᠯᠡᠭᠴᠢᠳ ᠪᠠ ᠭᠡᠰᠢᠭᠦᠳ ᠯᠦᠭᠡ ᠶᠢᠨ ᠣᠶᠢᠯᠠᠭᠠᠯᠴᠠᠭ᠎ᠠ ᠪᠠᠨ ᠨᠢᠭᠲᠠᠷᠠᠭᠤᠯᠵᠤ᠂ ᠰᠢᠢᠳᠪᠦᠷᠢᠯᠡᠬᠦ ᠠᠴᠠ ᠡᠮᠦᠨ᠎ᠡ᠂ ᠰᠢᠢᠳᠪᠦᠷᠢᠯᠡᠬᠦ ᠶᠠᠪᠤᠴᠠ ᠳᠤ ᠂ ᠰᠢᠢᠳᠪᠦᠷᠢᠯᠡᠵᠦ ᠳᠠᠭᠤᠰᠤᠭᠰᠠᠨ ᠤ ᠳᠠᠷᠠᠭᠠᠬᠢ ᠵᠣᠯᠭᠠᠭᠤᠯᠵᠤ ᠬᠠᠷᠢᠯᠴᠠᠬᠤ ᠪᠠᠨ ᠴᠢᠩᠭᠠᠳᠬᠠᠵᠤ᠂ ︽ᠪᠢᠴᠢᠭ ᠬᠠᠷ᠎ᠠ ᠪᠠᠷ ᠶᠠᠪᠤᠯᠴᠠᠬᠤ ︾᠎ ᠠᠴᠠ ︽ᠬᠥᠮᠥᠰ ᠬᠤᠭᠤᠷᠣᠨᠳᠤ ᠪᠠᠨ ᠶᠠᠪᠤᠯᠴᠠᠬᠤ︾ ᠲᠡᠶᠢᠰᠢ ᠬᠤᠪᠢᠷᠠᠭᠤᠯᠬᠤ ᠶᠢ ᠴᠢᠬᠤᠯᠠᠴᠢᠯᠠᠵᠤ᠂ ᠰᠢᠢᠳᠪᠦᠷᠢᠯᠡᠬᠦ  ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠦᠨ ᠲᠠᠰ ᠳᠠᠪᠬᠤᠷᠭ᠎ᠠ ᠶᠢᠨ ᠬᠡᠮ ᠰᠣᠭᠤᠭ ᠢ ᠰᠤᠳᠤᠯᠤᠨ ᠰᠢᠢᠳᠪᠦᠷᠢᠯᠡᠵᠦ᠂ ᠦᠷ᠎ᠡ ᠪᠦᠲᠦᠭᠡᠯ ᠢ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠤᠯᠠᠷᠢᠭᠤᠯᠬᠤ ᠶᠢ ᠠᠬᠢᠭᠤᠯᠵᠤ᠂ ᠨᠢᠭᠡ ᠪᠠᠷ ᠣᠯᠠᠨ ᠢ ᠳᠠᠶᠢᠴᠢᠯᠠᠨ ᠠᠵᠢᠯ ᠢᠶᠠᠨ ᠪᠣᠳᠠᠲᠠᠢ ᠪᠠᠷ ᠠᠬᠢᠭᠤᠯᠬᠤ ᠬᠡᠷᠡᠭᠲᠡᠢ᠃ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ ᠂ ᠥᠩᠭᠡᠷᠡᠭᠰᠡᠨ ᠤ ᠪᠣᠳᠠᠲᠠᠢ ᠠᠷᠭ᠎ᠠ ᠬᠢᠳᠡᠯ ᠢᠶᠠᠨ ᠳ᠋ᠦᠩᠨᠡᠵᠦ᠂ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠤᠯᠴᠠᠬᠤ ᠪᠤᠶᠤ ᠬᠤᠷᠠᠯ ᠢ ᠰᠤᠯᠠ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠠᠷᠭ᠎ᠠ ᠵᠠᠮ ᠢᠶᠠᠷ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢᠳ ᠪᠣᠯᠣᠨ ᠭᠡᠰᠢᠭᠦᠳ ᠲᠠᠢ ᠨᠡᠪᠲᠡᠷᠡᠯᠴᠡᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠠᠵᠢᠯᠲᠠᠨ ᠲᠣᠬᠢᠷᠠᠭᠤᠯᠵᠤ ᠦᠷᠭᠦᠯᠵᠢᠯᠡᠨ ᠲᠤᠬᠠᠢ ᠶᠢᠨ ᠲᠠᠯᠠᠪᠤᠷ ᠲᠤ ᠰᠠᠨᠠᠯ ᠰᠠᠨᠠᠭᠤᠯᠭ᠎ᠠ ᠶᠢ ᠰᠤᠯᠠ ᠰᠣᠨᠣᠰᠤᠭᠤᠯᠵᠤ ᠂ ᠰᠢᠢᠳᠪᠦᠷᠢᠯᠡᠬᠦ ᠴᠢᠬᠤᠯᠠᠲᠠᠢ ᠪᠠᠶᠢᠪᠠᠯ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠤᠳᠤᠯᠵᠤ᠂ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠢᠯᠡᠳᠬᠡᠯ ᠪᠠ ᠪᠣᠳᠠᠲᠠᠢ ᠠᠵᠢᠯ ᠤᠨ ᠳᠤᠮᠳᠠ ᠪᠠᠨ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠨᠢᠳᠤᠨᠤᠨ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠪᠣᠯᠣᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠰᠢᠭᠤᠳ ᠬᠠᠨᠳᠤᠭᠤᠯᠵᠤ ᠂ ᠶᠡᠭᠡ ᠬᠡᠪᠴᠢᠶᠡᠨ ᠤ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠪᠠ ᠭᠠᠶᠢᠯᠢ ᠰᠦᠢᠳᠬᠡᠯ ᠢ ᠬᠤᠶᠢᠰᠢᠯᠠᠭᠤᠯᠬᠤ ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠷᠬᠡ ᠲᠡᠭᠰᠢ ᠲᠦᠭᠡᠮᠡᠯ ᠬᠠᠷᠠᠭᠠᠯᠵᠠᠯ ᠲᠠᠢ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠲᠡᠳᠬᠦᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠵᠠᠩᠭᠢᠯᠠᠭ᠎ᠠ ᠶᠢᠨ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢ ᠪᠣᠳᠣᠯᠬᠢᠯᠠᠵᠤ᠂ ᠦᠷ᠎ᠡ ᠪᠦᠲᠦᠮᠵᠢ ᠰᠠᠶᠢᠲᠠᠢ ᠠᠵᠢᠯ ᠪᠠ ᠲᠤᠰᠬᠠᠢ ᠵᠦᠢᠯ ᠤᠨ ᠴᠡᠭᠴᠡᠯᠡᠯᠲᠡ ᠪᠠᠷ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠡᠭᠦᠨ ᠳᠤ 14 ᠵᠦᠢᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠪᠠ ᠬᠡᠰᠡᠭ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠪᠠᠷᠠᠭᠠᠨ ᠤ ᠲᠡᠷᠭᠡ ᠠᠴᠠ ᠬᠤᠷᠢᠶᠠᠬᠤ ᠰᠦᠢᠳᠬᠡᠯ ᠢ ᠬᠠᠰᠤᠵᠤ ᠬᠡᠯᠲᠦᠷᠢᠭᠦᠯᠬᠦ᠂ ᠭᠠᠷᠠᠮ ᠤᠨ ᠬᠤᠷᠢᠶᠠᠬᠤ ᠰᠦᠢᠳᠬᠡᠯ ᠢ ᠬᠠᠰᠤᠵᠤ ᠨᠡᠶᠢᠯᠡᠭᠦᠯᠬᠦ᠂ ᠤᠰᠤ ᠴᠠᠬᠢᠯᠭᠠᠨ ᠬᠡᠢ ᠬᠡᠷᠡᠭᠯᠡᠬᠦ ᠰᠦᠢᠳᠬᠡᠯ ᠤᠨ ᠨᠥᠬᠦᠪᠦᠷᠢ ᠣᠯᠭᠤᠬᠤ ᠵᠡᠷᠭᠡ ᠶᠢ ᠪᠠᠭᠲᠠᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠢᠳᠬᠡᠯ ᠪᠤᠳᠤᠬᠤ ᠦᠢᠯᠡᠴᠢᠯᠡᠭᠡᠨ ᠤ ᠦᠨ᠎ᠡ ᠶᠢ ᠪᠠᠭᠤᠷᠠᠭᠤᠯᠬᠤ ᠶᠢ ᠰᠢᠮᠳᠠᠭᠤᠯᠤᠨ ᠵᠢᠯᠤᠭᠤᠳᠴᠤ᠂ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠨ ᠤ ᠡᠪᠯᠡᠯ ᠤᠨ ᠰᠦᠢᠳᠬᠡᠯ ᠬᠤᠷᠢᠶᠠᠯᠲᠠ ᠶᠢ ᠬᠠᠰᠤᠨ ᠬᠡᠯᠲᠦᠷᠢᠭᠦᠯᠵᠦ᠂ ᠲᠤᠰᠬᠠᠢ ᠴᠡᠭᠴᠡᠯᠡᠨ ᠵᠠᠰᠠᠯᠲᠠ ᠳᠤ ᠬᠤᠯᠪᠣᠭᠳᠠᠭᠰᠠᠨ ᠵᠣᠭᠤᠰ ᠤᠨ ᠲᠤᠭ᠎ᠠ 2100 ᠳ᠋ᠦᠩᠰᠢᠭᠤᠷ ᠲᠥᠭᠦᠷᠢᠭ ᠢ ᠳᠠᠪᠠᠪᠠ︔ ᠡᠭᠦᠨ ᠤ ᠵᠡᠷᠭᠡ ᠳᠤ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠵᠦ ᠰᠦᠢᠳᠬᠡᠯ ᠬᠤᠷᠢᠶᠠᠭᠰᠠᠨ ᠢ ᠴᠢᠩᠭ᠎ᠠ ᠴᠡᠭᠴᠡᠯᠡᠨ ᠵᠠᠰᠠᠵᠤ ᠂ ᠪᠦᠬᠦ ᠤᠯᠤᠰ ᠲᠤ ᠬᠤᠯᠪᠣᠭᠳᠠᠯ ᠪᠦᠬᠦᠢ ᠠᠰᠠᠭᠤᠳᠠᠯ ᠢ ᠨᠡᠶᠢᠲᠡ 7700 ᠭᠠᠷᠤᠢ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠭᠰᠠᠨ ᠵᠣᠭᠤᠰ ᠤᠨ ᠲᠤᠭ᠎ᠠ 50 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦᠨ ᠢ ᠴᠡᠭᠴᠡᠯᠡᠨ ᠵᠠᠰᠠᠬᠤ ᠪᠠᠷ ᠱᠠᠭᠠᠷᠳᠠᠪᠠ ᠭᠡᠵᠡᠢ ᠃ ᠬᠤᠷᠠᠯ ᠠᠴᠠ᠂ ᠣᠳᠣᠬᠠᠨ ᠳᠤ ᠠᠵᠤ ᠠᠬᠤᠢ ᠶᠢᠨ ᠨᠡᠮᠡᠭᠳᠡᠯ ᠶᠠᠭ ᠲᠣᠭᠲᠠᠭᠤᠨ ᠢᠶᠠᠷ ᠳᠡᠭᠡᠭᠰᠢᠯᠡᠵᠦ ᠪᠠᠶᠢᠭ᠎ᠠ ᠪᠣᠯᠪᠠᠴᠤ ᠮᠥᠨ ᠬᠦ ᠮᠠᠰᠢ ᠤᠯᠠᠨ ᠥᠷᠢᠰᠦᠯᠳᠦᠭᠡᠨ ᠳᠤ ᠲᠤᠯᠭᠠᠷᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠮᠥᠨ ᠬᠦ ᠨᠡᠯᠢᠶᠡᠳ ᠬᠦᠴᠢᠷᠳᠡᠯᠲᠡᠢ ᠪᠠᠶᠢᠨ᠎ᠠ᠂ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠶᠢ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠨᠢᠭᠡᠨᠲᠡ ᠨᠡᠶᠢᠲᠡᠯᠡᠭᠰᠡᠨ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠪᠠ ᠵᠠᠯᠭᠠᠮᠵᠢ ᠠᠷᠭ᠎ᠠ ᠬᠡᠮᠵᠢᠶ᠎ᠡ ᠶᠢᠨ ᠳᠣᠲᠣᠷᠠᠬᠢ ᠵᠠᠷᠢᠮ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠤ ᠶᠢᠨ ᠪᠣᠳᠣᠯᠭ᠎ᠠ ᠨᠢ ᠮᠥᠨ ᠬᠦ ᠦᠢᠯᠡᠳᠦᠯ ᠢᠶᠠᠨ ᠪᠠᠳᠠᠷᠠᠭᠤᠯᠬᠤ ᠣᠷᠣᠨ ᠵᠠᠢ ᠲᠠᠢ ᠪᠣᠯᠬᠤᠷ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠠᠶᠢᠲᠤᠷ ᠠᠳᠬᠤᠬᠤ ᠬᠡᠷᠡᠭᠲᠡᠢ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠶᠠᠪᠤᠳᠠᠯ ᠢ ᠡᠷᠡᠰ ᠬᠤᠷᠢᠭᠯᠠᠨ ᠵᠣᠭᠰᠣᠭᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ ᠳᠡᠯᠭᠡᠭᠦᠷ ᠤᠨ ᠵᠢᠱᠢᠯᠲᠡ ᠶᠢ ᠬᠥᠭᠵᠢᠭᠡᠵᠦ᠂ ᠠᠵᠤ ᠠᠬᠤᠢ ᠶᠢᠨ ᠨᠡᠮᠡᠭᠳᠡᠯ ᠤᠨ ᠲᠣᠭᠲᠠᠭᠤᠨ ᠢᠶᠠᠷ ᠳᠡᠭᠡᠭᠰᠢᠯᠡᠬᠦ ᠬᠠᠨᠳᠤᠰᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠪᠤᠰᠤᠳ ᠵᠦᠢᠯ ᠢ ᠰᠤᠳᠤᠯᠪᠠ᠃ 李克强主持召开国务院常务会议 听取全国两会建议提案办理情况汇报 部署做好今年全国两会听取代表和委员意见建议工作等新华社北京2月22日电 国务院总理李克强2月22日主持召开国务院常务会议,听取全国两会建议提案办理情况汇报,部署做好今年全国两会听取代表和委员意见建议工作;听取落实涉企收费优惠政策和整治违规收费情况汇报,要求进一步巩固整治乱收费成果。会议指出,政府的权力来自人民,施政必须顺应民之所望。办理全国人大代表建议和政协委员提案,是政府听取民意、接受人民监督的内在要求,是科学民主决策、改进工作、凝聚共识的重要举措。国务院高度重视此项工作,每年都召开国务院常务会议听取办理情况汇报。去年国务院各部门共办理代表建议8721件、委员提案5865件,分别占建议、提案总数的94.8%、95%。过去5年,累计采纳代表和委员意见建议1.8万多条,出台相关政策措施7800多项,推动解决了一大批关系改革发展和人民群众急难愁盼的问题。各部门把办理建议提案作为年度重点任务,积极探索创新,普遍建立分级负责、台账管理、跟踪督办、一一回复等机制,形成较为完善的规范制度;密切与代表和委员沟通,强化办前、办中、办后对接交流,由“文来文往”变为更加注重“人来人往”;不断提升办理实效,研究解决深层次症结,推动成果转化为实实在在的举措,以点带面促进实际工作。今年全国两会在即,要总结以往好的做法,认真听取代表和委员意见建议。国务院部门负责人要列席或旁听会议,各部门要多渠道主动与代表和委员沟通。国务院办公厅要继续安排工作人员现场旁听意见建议,对需要办理的及时转交相关部门。对代表和委员关于政府工作报告的意见建议,要以高度负责的态度研究,把真知灼见体现到报告和实际工作中。会议指出,去年直面市场形势变化和市场主体需求,实施大规模退税减税降费、缓税缓费等政策,公平普惠帮扶市场主体尤其是中小微企业和个体工商户渡难关,为稳就业保民生、稳住宏观经济大盘发挥了关键支撑作用。各地区各有关部门着眼大局,以富有成效的工作和专项整治,推动涉企收费优惠政策落地见效,包括阶段性缓缴14项行政事业性收费和部分保证金、减免收费公路货车通行费、减并港口收费、给予用水用电用气费用补贴等,督促指导金融机构下调计费服务价格、行业协会商会减免收费,专项整治涉及金额超过2100亿元;同时严肃整治涉企违规收费,全国共查处相关问题7700多个,涉及金额50多亿元,已全部要求整改。会议强调,当前经济增长正在企稳回升,但仍面临诸多挑战,中小微企业、个体工商户经营仍较困难,要把整治涉企违规收费与落实助企纾困政策、优化营商环境、激发市场活力紧密结合起来。已出台的稳经济一揽子政策和接续措施中的一些减税降费政策仍有发挥效应的空间,要深入抓好落实。坚决制止乱收费、乱罚款、乱摊派,健全长效监管机制。多措并举提振市场预期,巩固经济增长企稳回升势头。会议研究了其他事项。ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ  ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ      ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ  ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ      ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 22᠎ ᠤᠨ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 22᠎ ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ︔ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ ᠃      ᠬᠤᠷᠠᠯ ᠠᠴᠠ᠂ ᠵᠠᠰᠠᠭ ᠤᠨ ᠣᠷᠳᠣᠨ ᠤ ᠡᠷᠬᠡ ᠠᠷᠠᠳ ᠲᠦᠮᠡᠨ ᠠᠴᠠ ᠢᠷᠡᠯᠲᠡ ᠲᠠᠢ ᠂ ᠵᠠᠰᠠᠭ ᠶᠠᠪᠤᠭᠤᠯᠬᠤ ᠳᠤ ᠪᠠᠨ ᠡᠷᠬᠡᠪᠰᠢ ᠠᠷᠠᠳ ᠲᠦᠮᠡᠨ ᠤ ᠬᠦᠰᠡᠯ ᠨᠠᠶᠢᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠯ ᠵᠠᠰᠠᠭ ᠤᠨ ᠣᠷᠳᠣᠨ ᠤ ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢᠶᠠᠨ ᠬᠠᠯᠠᠨ ᠰᠠᠶᠢᠵᠢᠷᠠᠭᠤᠯᠬᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠳᠠᠭ᠃ ᠨᠢᠳᠤᠨᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠳᠡ 8721 ᠬᠤᠪᠢ᠂ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠳᠡ 5865 ᠬᠤᠪᠢ ᠰᠢᠢᠳᠪᠦᠷᠢᠯᠡᠪᠡ᠃ ᠡᠨᠡ ᠨᠢ ᠲᠤᠰ ᠲᠤᠰ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢᠨ ᠪᠦᠬᠦ ᠲᠣᠭᠠᠨ ᠤ 94.8% ᠂ 95%᠎ ᠶᠢ ᠡᠵᠡᠯᠡᠪᠡ᠃ ᠥᠩᠭᠡᠷᠡᠭᠰᠡᠨ 5 ᠵᠢᠯ ᠳᠤ᠂ ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠡᠶᠢᠳᠡ 1.8 ᠲᠦᠮᠡ ᠭᠠᠷᠤᠢ ᠵᠤᠷᠪᠤᠰ ᠭᠥᠯᠢᠶᠡᠨ ᠠᠪᠴᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ 7800 ᠭᠠᠷᠤᠢ ᠵᠤᠷᠪᠤᠰ ᠨᠡᠶᠢᠲᠡᠯᠡᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠪᠠ ᠠᠷᠠᠳ ᠤᠯᠠᠨ ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠳᠤ ᠬᠤᠯᠪᠣᠭᠳᠠᠭᠰᠠᠨ ᠮᠠᠰᠢ ᠤᠯᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠣᠨ ᠤ ᠭᠤᠣᠯᠳᠠᠯᠭ᠎ᠠ ᠲᠠᠢ ᠡᠭᠦᠷᠭᠡ ᠪᠠᠨ ᠪᠣᠯᠭᠠᠵᠤ᠂ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠪᠠ ᠰᠢᠨᠡᠴᠢᠯᠡᠵᠦ ᠂ ᠱᠠᠲᠤ ᠬᠤᠪᠢᠶᠠᠨ ᠬᠠᠷᠢᠭᠤᠴᠠᠬᠤ᠂ ᠡᠬᠡ ᠲᠠᠩᠰᠠ ᠶᠢ ᠬᠠᠮᠢᠶᠠᠷᠬᠤ᠂ ᠮᠥᠷᠳᠡᠨ ᠰᠢᠮᠳᠠᠭᠤᠯᠵᠤ ᠰᠢᠢᠳᠪᠦᠷᠢᠯᠡᠬᠦ᠂ ᠨᠢᠭᠡᠳ ᠨᠢᠭᠡ ᠪᠠᠷ ᠬᠠᠷᠢᠭᠤᠯᠲᠠ ᠥᠭᠬᠦ ᠵᠡᠷᠭᠡ ᠲᠣᠭᠲᠠᠴᠠ ᠶᠢ ᠨᠡᠶᠢᠳᠡᠮ ᠪᠠᠶᠢᠭᠤᠯᠵᠤ᠂ ᠨᠡᠯᠢᠶᠡᠳ ᠲᠡᠭᠦᠯᠳᠡᠷᠵᠢᠭᠰᠡᠨ ᠵᠢᠷᠤᠮᠵᠢᠭᠰᠠᠨ ᠳᠦᠷᠢᠮ ᠢ ᠪᠦᠷᠢᠯᠳᠦᠭᠦᠯᠪᠡ ︔ ᠲᠥᠯᠥᠭᠡᠯᠡᠭᠴᠢᠳ ᠪᠠ ᠭᠡᠰᠢᠭᠦᠳ ᠯᠦᠭᠡ ᠶᠢᠨ ᠣᠶᠢᠯᠠᠭᠠᠯᠴᠠᠭ᠎ᠠ ᠪᠠᠨ ᠨᠢᠭᠲᠠᠷᠠᠭᠤᠯᠵᠤ᠂ ᠰᠢᠢᠳᠪᠦᠷᠢᠯᠡᠬᠦ ᠠᠴᠠ ᠡᠮᠦᠨ᠎ᠡ᠂ ᠰᠢᠢᠳᠪᠦᠷᠢᠯᠡᠬᠦ ᠶᠠᠪᠤᠴᠠ ᠳᠤ ᠂ ᠰᠢᠢᠳᠪᠦᠷᠢᠯᠡᠵᠦ ᠳᠠᠭᠤᠰᠤᠭᠰᠠᠨ ᠤ ᠳᠠᠷᠠᠭᠠᠬᠢ ᠵᠣᠯᠭᠠᠭᠤᠯᠵᠤ ᠬᠠᠷᠢᠯᠴᠠᠬᠤ ᠪᠠᠨ ᠴᠢᠩᠭᠠᠳᠬᠠᠵᠤ᠂ ︽ᠪᠢᠴᠢᠭ ᠬᠠᠷ᠎ᠠ ᠪᠠᠷ ᠶᠠᠪᠤᠯᠴᠠᠬᠤ ︾᠎ ᠠᠴᠠ ︽ᠬᠥᠮᠥᠰ ᠬᠤᠭᠤᠷᠣᠨᠳᠤ ᠪᠠᠨ ᠶᠠᠪᠤᠯᠴᠠᠬᠤ︾ ᠲᠡᠶᠢᠰᠢ ᠬᠤᠪᠢᠷᠠᠭᠤᠯᠬᠤ ᠶᠢ ᠴᠢᠬᠤᠯᠠᠴᠢᠯᠠᠵᠤ᠂ ᠰᠢᠢᠳᠪᠦᠷᠢᠯᠡᠬᠦ  ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠦᠨ ᠲᠠᠰ ᠳᠠᠪᠬᠤᠷᠭ᠎ᠠ ᠶᠢᠨ ᠬᠡᠮ ᠰᠣᠭᠤᠭ ᠢ ᠰᠤᠳᠤᠯᠤᠨ ᠰᠢᠢᠳᠪᠦᠷᠢᠯᠡᠵᠦ᠂ ᠦᠷ᠎ᠡ ᠪᠦᠲᠦᠭᠡᠯ ᠢ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠤᠯᠠᠷᠢᠭᠤᠯᠬᠤ ᠶᠢ ᠠᠬᠢᠭᠤᠯᠵᠤ᠂ ᠨᠢᠭᠡ ᠪᠠᠷ ᠣᠯᠠᠨ ᠢ ᠳᠠᠶᠢᠴᠢᠯᠠᠨ ᠠᠵᠢᠯ ᠢᠶᠠᠨ ᠪᠣᠳᠠᠲᠠᠢ ᠪᠠᠷ ᠠᠬᠢᠭᠤᠯᠬᠤ ᠬᠡᠷᠡᠭᠲᠡᠢ᠃ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ ᠂ ᠥᠩᠭᠡᠷᠡᠭᠰᠡᠨ ᠤ ᠪᠣᠳᠠᠲᠠᠢ ᠠᠷᠭ᠎ᠠ ᠬᠢᠳᠡᠯ ᠢᠶᠠᠨ ᠳ᠋ᠦᠩᠨᠡᠵᠦ᠂ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠤᠯᠴᠠᠬᠤ ᠪᠤᠶᠤ ᠬᠤᠷᠠᠯ ᠢ ᠰᠤᠯᠠ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠠᠷᠭ᠎ᠠ ᠵᠠᠮ ᠢᠶᠠᠷ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢᠳ ᠪᠣᠯᠣᠨ ᠭᠡᠰᠢᠭᠦᠳ ᠲᠠᠢ ᠨᠡᠪᠲᠡᠷᠡᠯᠴᠡᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠠᠵᠢᠯᠲᠠᠨ ᠲᠣᠬᠢᠷᠠᠭᠤᠯᠵᠤ ᠦᠷᠭᠦᠯᠵᠢᠯᠡᠨ ᠲᠤᠬᠠᠢ ᠶᠢᠨ ᠲᠠᠯᠠᠪᠤᠷ ᠲᠤ ᠰᠠᠨᠠᠯ ᠰᠠᠨᠠᠭᠤᠯᠭ᠎ᠠ ᠶᠢ ᠰᠤᠯᠠ ᠰᠣᠨᠣᠰᠤᠭᠤᠯᠵᠤ ᠂ ᠰᠢᠢᠳᠪᠦᠷᠢᠯᠡᠬᠦ ᠴᠢᠬᠤᠯᠠᠲᠠᠢ ᠪᠠᠶᠢᠪᠠᠯ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠤᠳᠤᠯᠵᠤ᠂ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠢᠯᠡᠳᠬᠡᠯ ᠪᠠ ᠪᠣᠳᠠᠲᠠᠢ ᠠᠵᠢᠯ ᠤᠨ ᠳᠤᠮᠳᠠ ᠪᠠᠨ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠨᠢᠳᠤᠨᠤᠨ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠪᠣᠯᠣᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠰᠢᠭᠤᠳ ᠬᠠᠨᠳᠤᠭᠤᠯᠵᠤ ᠂ ᠶᠡᠭᠡ ᠬᠡᠪᠴᠢᠶᠡᠨ ᠤ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠪᠠ ᠭᠠᠶᠢᠯᠢ ᠰᠦᠢᠳᠬᠡᠯ ᠢ ᠬᠤᠶᠢᠰᠢᠯᠠᠭᠤᠯᠬᠤ ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠷᠬᠡ ᠲᠡᠭᠰᠢ ᠲᠦᠭᠡᠮᠡᠯ ᠬᠠᠷᠠᠭᠠᠯᠵᠠᠯ ᠲᠠᠢ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠲᠡᠳᠬᠦᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠵᠠᠩᠭᠢᠯᠠᠭ᠎ᠠ ᠶᠢᠨ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢ ᠪᠣᠳᠣᠯᠬᠢᠯᠠᠵᠤ᠂ ᠦᠷ᠎ᠡ ᠪᠦᠲᠦᠮᠵᠢ ᠰᠠᠶᠢᠲᠠᠢ ᠠᠵᠢᠯ ᠪᠠ ᠲᠤᠰᠬᠠᠢ ᠵᠦᠢᠯ ᠤᠨ ᠴᠡᠭᠴᠡᠯᠡᠯᠲᠡ ᠪᠠᠷ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠡᠭᠦᠨ ᠳᠤ 14 ᠵᠦᠢᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠪᠠ ᠬᠡᠰᠡᠭ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠪᠠᠷᠠᠭᠠᠨ ᠤ ᠲᠡᠷᠭᠡ ᠠᠴᠠ ᠬᠤᠷᠢᠶᠠᠬᠤ ᠰᠦᠢᠳᠬᠡᠯ ᠢ ᠬᠠᠰᠤᠵᠤ ᠬᠡᠯᠲᠦᠷᠢᠭᠦᠯᠬᠦ᠂ ᠭᠠᠷᠠᠮ ᠤᠨ ᠬᠤᠷᠢᠶᠠᠬᠤ ᠰᠦᠢᠳᠬᠡᠯ ᠢ ᠬᠠᠰᠤᠵᠤ ᠨᠡᠶᠢᠯᠡᠭᠦᠯᠬᠦ᠂ ᠤᠰᠤ ᠴᠠᠬᠢᠯᠭᠠᠨ ᠬᠡᠢ ᠬᠡᠷᠡᠭᠯᠡᠬᠦ ᠰᠦᠢᠳᠬᠡᠯ ᠤᠨ ᠨᠥᠬᠦᠪᠦᠷᠢ ᠣᠯᠭᠤᠬᠤ ᠵᠡᠷᠭᠡ ᠶᠢ ᠪᠠᠭᠲᠠᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠢᠳᠬᠡᠯ ᠪᠤᠳᠤᠬᠤ ᠦᠢᠯᠡᠴᠢᠯᠡᠭᠡᠨ ᠤ ᠦᠨ᠎ᠡ ᠶᠢ ᠪᠠᠭᠤᠷᠠᠭᠤᠯᠬᠤ ᠶᠢ ᠰᠢᠮᠳᠠᠭᠤᠯᠤᠨ ᠵᠢᠯᠤᠭᠤᠳᠴᠤ᠂ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠨ ᠤ ᠡᠪᠯᠡᠯ ᠤᠨ ᠰᠦᠢᠳᠬᠡᠯ ᠬᠤᠷᠢᠶᠠᠯᠲᠠ ᠶᠢ ᠬᠠᠰᠤᠨ ᠬᠡᠯᠲᠦᠷᠢᠭᠦᠯᠵᠦ᠂ ᠲᠤᠰᠬᠠᠢ ᠴᠡᠭᠴᠡᠯᠡᠨ ᠵᠠᠰᠠᠯᠲᠠ ᠳᠤ ᠬᠤᠯᠪᠣᠭᠳᠠᠭᠰᠠᠨ ᠵᠣᠭᠤᠰ ᠤᠨ ᠲᠤᠭ᠎ᠠ 2100 ᠳ᠋ᠦᠩᠰᠢᠭᠤᠷ ᠲᠥᠭᠦᠷᠢᠭ ᠢ ᠳᠠᠪᠠᠪᠠ︔ ᠡᠭᠦᠨ ᠤ ᠵᠡᠷᠭᠡ ᠳᠤ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠵᠦ ᠰᠦᠢᠳᠬᠡᠯ ᠬᠤᠷᠢᠶᠠᠭᠰᠠᠨ ᠢ ᠴᠢᠩᠭ᠎ᠠ ᠴᠡᠭᠴᠡᠯᠡᠨ ᠵᠠᠰᠠᠵᠤ ᠂ ᠪᠦᠬᠦ ᠤᠯᠤᠰ ᠲᠤ ᠬᠤᠯᠪᠣᠭᠳᠠᠯ ᠪᠦᠬᠦᠢ ᠠᠰᠠᠭᠤᠳᠠᠯ ᠢ ᠨᠡᠶᠢᠲᠡ 7700 ᠭᠠᠷᠤᠢ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠭᠰᠠᠨ ᠵᠣᠭᠤᠰ ᠤᠨ ᠲᠤᠭ᠎ᠠ 50 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦᠨ ᠢ ᠴᠡᠭᠴᠡᠯᠡᠨ ᠵᠠᠰᠠᠬᠤ ᠪᠠᠷ ᠱᠠᠭᠠᠷᠳᠠᠪᠠ ᠭᠡᠵᠡᠢ ᠃ ᠬᠤᠷᠠᠯ ᠠᠴᠠ᠂ ᠣᠳᠣᠬᠠᠨ ᠳᠤ ᠠᠵᠤ ᠠᠬᠤᠢ ᠶᠢᠨ ᠨᠡᠮᠡᠭᠳᠡᠯ ᠶᠠᠭ ᠲᠣᠭᠲᠠᠭᠤᠨ ᠢᠶᠠᠷ ᠳᠡᠭᠡᠭᠰᠢᠯᠡᠵᠦ ᠪᠠᠶᠢᠭ᠎ᠠ ᠪᠣᠯᠪᠠᠴᠤ ᠮᠥᠨ ᠬᠦ ᠮᠠᠰᠢ ᠤᠯᠠᠨ ᠥᠷᠢᠰᠦᠯᠳᠦᠭᠡᠨ ᠳᠤ ᠲᠤᠯᠭᠠᠷᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠮᠥᠨ ᠬᠦ ᠨᠡᠯᠢᠶᠡᠳ ᠬᠦᠴᠢᠷᠳᠡᠯᠲᠡᠢ ᠪᠠᠶᠢᠨ᠎ᠠ᠂ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠶᠢ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠨᠢᠭᠡᠨᠲᠡ ᠨᠡᠶᠢᠲᠡᠯᠡᠭᠰᠡᠨ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠪᠠ ᠵᠠᠯᠭᠠᠮᠵᠢ ᠠᠷᠭ᠎ᠠ ᠬᠡᠮᠵᠢᠶ᠎ᠡ ᠶᠢᠨ ᠳᠣᠲᠣᠷᠠᠬᠢ ᠵᠠᠷᠢᠮ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠤ ᠶᠢᠨ ᠪᠣᠳᠣᠯᠭ᠎ᠠ ᠨᠢ ᠮᠥᠨ ᠬᠦ ᠦᠢᠯᠡᠳᠦᠯ ᠢᠶᠠᠨ ᠪᠠᠳᠠᠷᠠᠭᠤᠯᠬᠤ ᠣᠷᠣᠨ ᠵᠠᠢ ᠲᠠᠢ ᠪᠣᠯᠬᠤᠷ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠠᠶᠢᠲᠤᠷ ᠠᠳᠬᠤᠬᠤ ᠬᠡᠷᠡᠭᠲᠡᠢ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠶᠠᠪᠤᠳᠠᠯ ᠢ ᠡᠷᠡᠰ ᠬᠤᠷᠢᠭᠯᠠᠨ ᠵᠣᠭᠰᠣᠭᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ ᠳᠡᠯᠭᠡᠭᠦᠷ ᠤᠨ ᠵᠢᠱᠢᠯᠲᠡ ᠶᠢ ᠬᠥᠭᠵᠢᠭᠡᠵᠦ᠂ ᠠᠵᠤ ᠠᠬᠤᠢ ᠶᠢᠨ ᠨᠡᠮᠡᠭᠳᠡᠯ ᠤᠨ ᠲᠣᠭᠲᠠᠭᠤᠨ ᠢᠶᠠᠷ ᠳᠡᠭᠡᠭᠰᠢᠯᠡᠬᠦ ᠬᠠᠨᠳᠤᠰᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠪᠤᠰᠤᠳ ᠵᠦᠢᠯ ᠢ ᠰᠤᠳᠤᠯᠪᠠ᠃ 李克强主持召开国务院常务会议 听取全国两会建议提案办理情况汇报 部署做好今年全国两会听取代表和委员意见建议工作等新华社北京2月22日电 国务院总理李克强2月22日主持召开国务院常务会议,听取全国两会建议提案办理情况汇报,部署做好今年全国两会听取代表和委员意见建议工作;听取落实涉企收费优惠政策和整治违规收费情况汇报,要求进一步巩固整治乱收费成果。会议指出,政府的权力来自人民,施政必须顺应民之所望。办理全国人大代表建议和政协委员提案,是政府听取民意、接受人民监督的内在要求,是科学民主决策、改进工作、凝聚共识的重要举措。国务院高度重视此项工作,每年都召开国务院常务会议听取办理情况汇报。去年国务院各部门共办理代表建议8721件、委员提案5865件,分别占建议、提案总数的94.8%、95%。过去5年,累计采纳代表和委员意见建议1.8万多条,出台相关政策措施7800多项,推动解决了一大批关系改革发展和人民群众急难愁盼的问题。各部门把办理建议提案作为年度重点任务,积极探索创新,普遍建立分级负责、台账管理、跟踪督办、一一回复等机制,形成较为完善的规范制度;密切与代表和委员沟通,强化办前、办中、办后对接交流,由“文来文往”变为更加注重“人来人往”;不断提升办理实效,研究解决深层次症结,推动成果转化为实实在在的举措,以点带面促进实际工作。今年全国两会在即,要总结以往好的做法,认真听取代表和委员意见建议。国务院部门负责人要列席或旁听会议,各部门要多渠道主动与代表和委员沟通。国务院办公厅要继续安排工作人员现场旁听意见建议,对需要办理的及时转交相关部门。对代表和委员关于政府工作报告的意见建议,要以高度负责的态度研究,把真知灼见体现到报告和实际工作中。会议指出,去年直面市场形势变化和市场主体需求,实施大规模退税减税降费、缓税缓费等政策,公平普惠帮扶市场主体尤其是中小微企业和个体工商户渡难关,为稳就业保民生、稳住宏观经济大盘发挥了关键支撑作用。各地区各有关部门着眼大局,以富有成效的工作和专项整治,推动涉企收费优惠政策落地见效,包括阶段性缓缴14项行政事业性收费和部分保证金、减免收费公路货车通行费、减并港口收费、给予用水用电用气费用补贴等,督促指导金融机构下调计费服务价格、行业协会商会减免收费,专项整治涉及金额超过2100亿元;同时严肃整治涉企违规收费,全国共查处相关问题7700多个,涉及金额50多亿元,已全部要求整改。会议强调,当前经济增长正在企稳回升,但仍面临诸多挑战,中小微企业、个体工商户经营仍较困难,要把整治涉企违规收费与落实助企纾困政策、优化营商环境、激发市场活力紧密结合起来。已出台的稳经济一揽子政策和接续措施中的一些减税降费政策仍有发挥效应的空间,要深入抓好落实。坚决制止乱收费、乱罚款、乱摊派,健全长效监管机制。多措并举提振市场预期,巩固经济增长企稳回升势头。会议研究了其他事项。 
 
ᠢᠷᠡᠯᠲᠡ᠄ ᠦᠪᠦᠷ ᠮᠤᠡᠭᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2