ᠴᠢᠶᠣᠤ ᠳ᠋ᠦᠩ ᠵᠡᠭᠡᠯᠢ ᠭᠤᠳᠤᠮᠵᠢ᠄ ᠨᠠᠮ ᠤᠨ ᠪᠠᠶᠢᠭᠤᠯᠤᠯᠲᠠ ᠪᠠᠷ ︽ᠳᠥᠷᠪᠡᠨ ᠠᠯᠬᠤᠮ ᠢᠶᠠᠷ ᠶᠠᠪᠤᠬᠤ︾᠎ ᠶᠢ ᠬᠥᠲᠥᠯᠦᠨ ᠳᠠᠭᠠᠭᠤᠯᠵᠤ ᠬᠤᠲᠠ ᠶᠢ ᠴᠣᠭᠴᠠᠯᠠᠬᠤ ︽ᠭᠤᠤᠯ ᠬᠥᠭ ᠠᠶᠠᠰ︾᠎ ᠢ ᠴᠢᠪᠬᠠᠳᠠᠨ᠎ᠠ
ᠨᠡᠶᠢᠲᠡᠯᠡᠭᠰᠡᠨ ᠴᠠᠭ᠄
2023/2/24
    ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠴᠢᠶᠣᠤ ᠳ᠋ᠦᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ︽ᠲᠦᠷᠪᠡᠨ ᠠᠯᠬᠤᠮ ᠤᠨ ᠠᠷᠭ᠎ᠠ︾᠎ ᠶᠢᠨ ᠰᠢᠨ᠎ᠡ ᠶᠢ ᠡᠭᠦᠳᠴᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠯᠠᠨ ᠲᠦᠮᠡᠨ ᠤ ᠬᠠᠮᠲᠤᠷᠠᠯ ᠤᠨ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠴᠦ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠭ᠎ᠠ ᠳᠣᠣᠷᠠᠬᠢ ᠪᠦᠬᠦ ᠠᠷᠠᠳ ᠢᠶᠠᠷ ᠢᠶᠠᠨ ᠬᠤᠳᠠ ᠶᠢ ᠡᠭᠦᠳᠦᠨ ᠪᠠᠶᠢᠭᠤᠯᠬᠤ ᠳᠤ ᠣᠷᠣᠯᠴᠠᠬᠤ ᠠᠵᠢᠯ ᠤᠨ ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠪᠤᠢ ᠪᠣᠯᠭᠠᠪᠠ᠃    ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ ᠬᠠᠷᠢᠯᠴᠠᠨ ᠠᠭᠤᠰᠤᠯᠴᠠᠭᠤᠯᠤᠨ ᠬᠠᠮᠲᠤᠪᠠᠷ ᠵᠠᠰᠠᠨ᠎ᠠ︾    ᠴᠢᠶᠣᠤ ᠳ᠋ᠦᠩ ᠵᠡᠭᠡᠯᠢ ᠭᠤᠳᠤᠮᠵᠢ ᠶᠢᠨ ᠬᠢᠨ ᠢᠮᠠᠭᠲᠠ ᠥᠷᠭᠡᠨ ᠣᠯᠠᠨ ᠠᠷᠠᠳ ᠲᠦᠮᠡᠨ ᠤ ᠬᠡᠷᠡᠭᠴᠡᠭᠡ ᠶᠢ ᠰᠢᠶᠳᠪᠦᠷᠢᠯᠡᠬᠦ ᠪᠠᠷ ᠲᠤᠰᠤᠯᠲᠠ ᠪᠠᠨ ᠪᠣᠯᠭᠠᠵᠤ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠠᠪᠤᠳᠠᠯ ᠢ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠵᠤ᠂ ᠪᠦᠬᠦ ᠣᠷᠣᠨ ᠪᠦᠰᠡ ᠶᠢᠨ ᠰᠡᠳᠬᠢᠬᠦᠢ ᠪᠠᠷ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠭᠰᠡᠨ᠂ ᠤᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠭᠰᠡᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠨᠠᠮ ᠤᠨ ᠪᠠᠶᠢᠭᠤᠯᠤᠯᠲᠠ ᠶᠢᠨ ︽ᠬᠠᠮᠲᠤ ᠶᠢᠨ ᠴᠣᠭᠴᠠ︾᠎ ᠶᠢ ᠪᠠᠶᠢᠭᠤᠯᠵᠤ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ᠂ ᠬᠠᠮᠲᠤ ᠪᠠᠷ ᠪᠠᠶᠢᠭᠤᠯᠤᠭᠰᠠᠨ ᠨᠢᠭᠡᠴᠡ᠂ ᠬᠠᠷᠢᠶ᠎ᠠ ᠣᠷᠣᠨ ᠤ ᠠᠵᠤ ᠠᠬᠤᠶᠢᠯᠠᠯ ᠵᠡᠷᠭᠡ ᠨᠠᠮ ᠤᠨ ᠵᠣᠬᠢᠶᠠᠨ ᠪᠠᠶᠢᠭᠤᠯᠤᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠪᠦᠲᠦᠮᠵᠢᠲᠡᠢ ᠠᠭᠤᠰᠤᠯᠴᠠᠭᠤᠯᠵᠤ᠂ ᠦᠨᠳᠦᠰᠦᠨ ᠱᠠᠲᠤᠨ ᠤ ᠵᠠᠰᠠᠯᠲᠠ ᠪᠠ ᠦᠢᠯᠡᠴᠢᠯᠡᠭᠡ ᠳᠤ ᠪᠦᠬᠦ ᠲᠠᠯ᠎ᠠ ᠪᠠᠷ ᠣᠷᠣᠯᠴᠠᠨ᠂  ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠬᠤᠳᠠ ᠶᠢᠨ ᠲᠣᠭᠤᠷᠢᠭ ᠤᠨ ᠬᠤᠶᠠᠷ ᠱᠠᠲᠤᠨ ᠤ ᠨᠡᠶᠢᠲᠡ 76 ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠺᠠᠳ᠋ᠷ ᠠᠵᠢᠯᠳᠠᠨ ᠬᠤᠳᠠ ᠪᠠᠶᠢᠭᠤᠯᠬᠤ ᠠᠵᠢᠯ ᠳᠤ ᠣᠷᠣᠯᠴᠠᠵᠤ᠂  ᠬᠤᠳᠠ ᠪᠠᠶᠢᠭᠤᠯᠬᠤ ᠪᠠᠭ᠎ᠠ ᠰᠠᠯᠪᠤᠷᠢ ᠠᠩᠬᠢ ᠶᠢ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠠᠷᠪᠠ ᠶᠢ ᠪᠦᠷᠬᠦᠬᠦᠯᠬᠦ᠂ ︽ᠠᠷᠪᠠ ᠶᠢ ᠰᠠᠮᠠᠭᠤᠷᠠᠭᠤᠯᠬᠤ︾᠎ ᠶᠢ ᠴᠡᠭᠴᠡᠯᠡᠨ ᠵᠠᠰᠠᠬᠤ᠂ ᠤᠯᠠᠨ ᠨᠡᠶᠢᠲᠡ ᠶᠢᠨ ᠣᠷᠴᠢᠨ ᠲᠣᠭᠤᠷᠢᠨ ᠵᠢᠴᠢ ᠤᠯᠠᠨ ᠨᠡᠶᠢᠲᠡ ᠶᠢᠨ ᠲᠥᠬᠦᠭᠡᠷᠦᠮᠵᠢ ᠶᠢ ᠬᠠᠮᠠᠭᠠᠯᠠᠬᠤ᠂ ᠤᠬᠠᠭᠤᠯᠤᠨ ᠳᠠᠶᠢᠴᠢᠯᠠᠬᠤ ᠵᠡᠷᠭᠡ ᠲᠠᠯ᠎ᠠ ᠪᠠᠷ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠳᠡᠮᠵᠢᠵᠡᠢ᠃    ︽ᠨᠠᠮ ᠤᠨ ᠪᠠᠶᠢᠭᠤᠯᠤᠯᠲᠠ ᠪᠣᠯᠪᠠᠰᠤᠨ ᠤ ᠤᠬᠠᠭᠤᠯᠭ᠎ᠠ ᠶᠢ  ᠬᠥᠲᠥᠯᠥᠨ᠎ᠡ︾᠎     ᠴᠢᠶᠣᠤ ᠳ᠋ᠦᠩ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠪᠠᠷ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ᠂ ᠪᠠᠭ᠎ᠠ ᠲᠣᠭᠤᠷᠢᠭ ᠲᠤ ᠤᠬᠠᠭᠤᠯᠤᠭᠴᠢ᠂ ᠢᠳᠬᠠᠭᠴᠢ᠂ ᠲᠣᠭᠤᠷᠢᠨ ᠪᠠᠶᠢᠴᠠᠭᠠᠭᠴᠢ᠂ ᠬᠥᠨᠳᠡᠯᠡᠨ ᠪᠢᠴᠢᠭᠡᠰᠦ ᠡᠯᠭᠦᠬᠦ᠂ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ᠂ ᠸᠢᠴᠠᠲ ᠤᠨ ᠪᠦᠯᠦᠭ ᠠᠴᠠ ᠴᠢᠮᠡᠭᠡ ᠬᠦᠷᠭᠡᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠥᠨᠳᠥᠷ ᠨᠢᠭᠲᠠᠴᠠ ᠲᠠᠢ᠂ ᠶᠡᠭᠡ ᠬᠡᠪᠴᠢᠶ᠎ᠡ ᠲᠠᠢ᠂ ᠪᠦᠬᠦ ᠲᠠᠯ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠣᠯᠪᠠᠰᠤᠨ ᠢᠶᠠᠷ ᠢᠳᠬᠠᠨ ᠰᠤᠷᠭᠠᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠪᠣᠯᠪᠠᠰᠤᠨ ᠬᠤᠭᠤᠯᠠᠨ ᠰᠢᠷᠡᠭᠡ ᠵᠡᠷᠭᠡ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ︽ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ︾᠎ ᠶᠢ ᠤᠬᠠᠮᠰᠠᠷ ᠠᠴᠠ ᠪᠠᠨ ᠵᠢᠷᠤᠮᠯᠠᠬᠤ ᠶᠢ ᠬᠥᠲᠥᠯᠦᠨ ᠵᠢᠯᠣᠭᠤᠳᠴᠤ᠂ ᠪᠣᠯᠪᠠᠰᠤᠨ ᠤ ᠬᠡᠪ ᠰᠤᠷᠲᠠᠯ ᠢ ᠥᠨᠴᠥᠭ ᠪᠤᠯᠤᠩ ᠪᠣᠯᠭᠠᠨ ᠳᠤ ᠪᠢᠯᠬᠠᠭᠤᠯᠵᠤ᠂ ᠬᠤᠲᠠ ᠪᠠᠶᠢᠭᠤᠯᠬᠤ ᠶᠢ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ᠂ ᠳᠡᠮᠵᠢᠬᠦ ᠨᠣᠷᠮ᠎ᠠ ᠶᠢ ᠲᠠᠰᠤᠷᠠᠯᠲᠠ ᠥᠬᠡᠶ  ᠦᠷᠭᠡᠳᠭᠡᠨ᠎ᠡ᠃ ︽ᠨᠠᠮ ᠤᠨ ᠪᠠᠶᠢᠭᠤᠯᠤᠯᠲᠠ ᠰᠠᠶᠢᠨ ᠳᠤᠷ᠎ᠠ ᠶᠢᠨ ᠦᠢᠯᠡᠴᠢᠯᠡᠭᠡ ᠶᠢ  ᠬᠥᠲᠥᠯᠥᠨ᠎ᠡ︾     ᠪᠦᠬᠦ ᠨᠠᠮ ᠤᠨ ᠭᠡᠰᠢᠭᠦᠨ ᠺᠠᠳ᠋ᠷᠴᠤᠳ ᠢᠶᠠᠷ ᠢᠶᠠᠨ ︽ᠪᠠᠭᠪᠠᠭᠠᠶ ᠴᠡᠴᠡᠭ︾᠎ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠦᠷᠢᠯᠳᠦᠭᠦᠯᠵᠦ᠂ ᠬᠠᠷᠢᠶᠠᠲᠤ ᠣᠷᠣᠨ ᠤ ᠬᠤᠭ ᠨᠣᠪᠰᠢ᠂ ᠵᠢᠵᠢᠭ ᠵᠠᠷ ᠵᠡᠷᠭᠡ ᠶᠢ ᠲᠦᠢᠯᠪᠤᠷᠢᠲᠠᠶ ᠴᠡᠪᠡᠷᠯᠡᠵᠦ᠂ ᠡᠭᠦᠨ ᠤ ᠬᠠᠮᠲᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠶᠢᠨ ᠬᠠᠮᠲᠤ ᠳᠤᠷ᠎ᠠ ᠪᠠᠷ ᠢᠶᠠᠨ ᠲᠡᠷᠭᠡ ᠵᠣᠭᠰᠣᠭᠠᠬᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠬᠤ᠂ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠬᠦ ᠵᠡᠷᠭᠡ ᠪᠣᠯᠪᠠᠰᠤᠨ ᠪᠤᠰᠤ ᠦᠵᠡᠭᠳᠡᠯ ᠢ ᠢᠳᠬᠠᠨ ᠵᠢᠯᠣᠭᠤᠳᠬᠤ ᠪᠠ ᠲᠤᠬᠠᠢ ᠶᠢᠨ ᠭᠠᠵᠠᠷ ᠲᠤᠨᠢ ᠴᠡᠭᠴᠡᠯᠡᠨ ᠵᠠᠰᠠᠵᠤ᠂ ᠰᠠᠭᠤᠭᠠᠯᠢ ᠠᠷᠠᠳ ᠲᠤ ᠴᠡᠪᠡᠷ ᠴᠡᠮᠴᠡᠭᠡᠷ᠂ ᠭᠤᠶᠤ ᠰᠠᠶᠢᠬᠠᠨ ᠡᠮᠬᠢ ᠳᠢᠭᠯᠢᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠪᠣᠯᠪᠠᠰᠤᠨ ᠤ ᠴᠢᠨᠠᠷ ᠴᠢᠨᠰᠠᠭ᠎ᠠ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠳᠤᠮᠳᠠ᠂ ᠤᠷᠢᠳ ᠬᠤᠵᠢᠳ 100 ᠭᠠᠷᠤᠢ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠭᠡᠰᠢᠭᠦᠨ ᠲᠣᠰ ᠦᠢᠯᠡᠴᠢᠯᠡᠭᠡᠨ ᠳᠤ ᠣᠷᠣᠯᠴᠠᠬᠤ ᠶᠢᠨ ᠬᠠᠮᠲᠤ ᠪᠠᠰᠠ ᠶᠡᠭᠡ ᠬᠡᠮᠵᠢᠶᠡᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠴᠢ ᠰᠠᠶᠢᠨ ᠳᠤᠷ᠎ᠠ ᠠᠴᠠ ᠪᠠᠨ ᠬᠤᠳᠠ ᠪᠠᠶᠢᠭᠤᠯᠬᠤ ᠠᠵᠢᠯ ᠢ ᠥᠷᠨᠢᠭᠦᠯᠵᠡᠢ᠃    ︽ᠨᠠᠮ ᠤᠨ ᠪᠠᠶᠢᠭᠤᠯᠤᠯᠲᠠ ᠪᠠᠷ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠥᠲᠥᠯᠥᠨ᠎ᠡ︾    ︽ᠵᠢᠷᠭᠤᠭᠠᠨ ᠨᠢᠭᠡ︾᠎ ᠶᠢᠨ ᠠᠵᠢᠯ ᠤᠨ ᠲᠣᠭᠲᠠᠴᠠ ᠶᠢ ᠭᠦᠨᠵᠡᠭᠡᠶ ᠦᠶᠯᠡᠳᠦᠯᠭᠡᠵᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠢ ᠬᠥᠲᠥᠯᠦᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠬᠦᠷᠴᠦ ᠦᠶᠯᠡᠴᠢᠯᠡᠭᠡᠨ ᠤ ᠲᠥᠷᠥᠯ ᠵᠦᠶᠯ ᠢ ᠲᠠᠨᠢᠵᠤ ᠠᠪᠤᠭᠤᠯᠬᠤ ᠶᠢᠨ ᠲᠥᠯᠥᠭᠡ᠂ ᠬᠠᠷᠢᠶᠠᠲᠤ ᠣᠷᠣᠨ ᠤ ︽ᠭᠤᠷᠪᠠᠨ ᠡᠷᠦᠬᠡ ᠳᠥᠷᠪᠡᠨ ᠳᠠᠷᠤᠭ᠎ᠠ︾᠎ ᠶᠢ ᠳᠠᠶᠢᠴᠢᠯᠠᠨ ᠨᠡᠶᠢᠭᠡᠮ ᠲᠣᠭᠤᠷᠢᠭ ᠤᠨ ᠵᠢᠵᠢᠭ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠲᠤᠯᠭᠠᠭᠤᠷᠢ ᠬᠦᠴᠦᠨ ᠪᠣᠯᠭᠠᠵᠤ᠂ ᠨᠠᠮ ᠤᠨ ᠭᠡᠰᠢᠭᠦᠨ ᠣᠯᠠᠨ ᠲᠦᠮᠡᠨ ᠢ ᠵᠣᠬᠢᠶᠠᠨ ᠪᠠᠶᠢᠭᠤᠯᠤᠨ ︽ᠤᠯᠠᠭᠠᠨ ᠬᠤᠶᠠᠭ︾ ᠡᠮᠦᠰᠦᠨ ︽ᠤᠯᠠᠭᠠᠨ ᠬᠠᠨᠴᠤᠶ ᠶᠢᠨ ᠲᠡᠮᠳᠡᠭ︾ ᠵᠡᠭᠦᠵᠦ᠂ ᠵᠠᠮ ᠤᠨ ᠬᠤᠭ ᠨᠣᠪᠰᠢ᠂ ᠵᠢᠵᠢᠭ ᠵᠠᠷ ᠮᠡᠳᠡᠭᠡ᠂ ᠠᠰᠠᠷ ᠤᠨ ᠬᠤᠩᠭᠢᠯ ᠤᠨ ᠡᠯᠳᠡᠪ ᠪᠣᠳᠠᠰ ᠵᠡᠷᠭᠡ ᠶᠢ ᠪᠥᠬᠦ ᠲᠠᠯ᠎ᠠ ᠪᠠᠷ ᠴᠡᠪᠡᠷᠯᠡᠨ ᠴᠡᠭᠴᠡᠯᠡᠪᠡ᠃ ᠥᠷᠭᠡᠨ ᠤᠯᠠᠨ ᠨᠠᠮ ᠤᠨ ᠭᠡᠰᠢᠭᠦᠨ  ᠪᠤᠬᠢᠷᠲᠠᠵᠦ  ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂  ᠬᠦᠴᠢᠷ ᠢ ᠰᠦᠷᠦᠨ ᠤᠷᠤᠭᠰᠢᠯᠠᠵᠤ᠂ ᠬᠤᠳᠠ ᠶᠢ ᠪᠠᠶᠢᠭᠤᠯᠬᠤ ᠠᠵᠢᠯ ᠤᠨ ᠭᠤᠣᠯ ᠬᠦᠴᠦᠨ ᠪᠣᠯᠪᠠ᠃ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠨᠡᠶᠢᠲᠡ 14 ᠦᠬᠦᠰᠢᠷᠡᠮᠡᠯ ᠲᠡᠷᠭᠡ ᠶᠢ ᠴᠡᠪᠡᠷᠯᠡᠵᠦ᠂ 3700 ᠳᠤᠷ᠎ᠠ ᠪᠠᠷ ᠢᠶᠠᠨ  ᠵᠣᠭᠰᠤᠭᠠᠭᠰᠠᠨ‌ᠮᠠᠰᠢᠨᠲᠤ ᠪᠤᠰᠤ ᠲᠡᠷᠭᠡ ᠶᠢ ᠡᠮᠬᠢᠳᠭᠡᠵᠦ᠂ 1524 ᠵᠢᠵᠢᠭ ᠵᠠᠷ ᠢ ᠴᠡᠪᠡᠷᠯᠡᠨ ᠠᠷᠢᠯᠭᠠᠵᠤ᠂   ᠵᠢᠵᠢᠭ ᠲᠣᠭᠤᠷᠢᠭ ᠤᠨ ᠳᠤᠷ᠎ᠠ ᠪᠠᠷ ᠢᠶᠠᠨ ᠣᠪᠣᠭᠠᠯᠠᠨ ᠲᠠᠯᠪᠢᠭᠰᠠᠨ 732 ᠠᠰᠠᠷ ᠤᠨ ᠬᠤᠩᠭᠢᠯ ᠢ  ᠠᠷᠢᠯᠭᠠᠨ ᠂ 112 ᠭᠠᠷᠤᠶ ᠨᠢᠰᠬᠦ ᠱᠤᠭᠤᠮ ᠢ ᠴᠡᠪᠡᠷᠯᠡᠵᠦ᠂ 200 ᠢᠵᠢ ᠠᠷᠠᠳ ᠲᠤ ᠲᠥᠬᠦᠮ ᠦᠵᠡᠭᠦᠯᠬᠦ ᠰᠠᠭᠤᠳᠠᠯ ᠢ ᠨᠡᠮᠡᠵᠦ᠂ ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠪᠠ ᠶᠢ ᠰᠢᠨ᠎ᠡ ᠪᠠᠷ  ᠨᠡᠮᠡᠨ᠂ 232 ᠡᠩ ᠤᠨ ᠬᠤᠭ ᠨᠣᠪᠰᠢ ᠶᠢᠨ ᠰᠠᠪᠠ ᠶᠢ ᠨᠥᠬᠦᠪᠥᠷᠢᠯᠡᠨ ᠰᠣᠯᠢᠵᠤ᠂ ᠴᠠᠭ ᠠᠴᠠ ᠥᠩᠭᠡᠷᠡᠭᠰᠡᠨ᠂ ᠡᠪᠳᠡᠷᠡᠵᠦ ᠰᠦᠶᠳᠦᠭᠰᠡᠨ᠂ ᠥᠩᠭᠡ ᠨᠢ ᠤᠨᠠᠭᠰᠠᠨ ᠨᠡᠶᠢᠲᠡ ᠶᠢᠨ ᠠᠰᠠᠷᠠᠮᠵᠢ ᠶᠢᠨ ᠵᠢᠷᠤᠭ ᠤᠨ ᠬᠡᠪ ᠢ 200 ᠭᠠᠷᠤᠶ ᠰᠣᠯᠢᠵᠤ᠂ ᠡᠪᠳᠡᠷᠡᠵᠦ ᠰᠦᠶᠳᠦᠭᠰᠡᠨ ᠵᠠᠮ ᠤᠨ ᠬᠡᠷᠡᠮ ᠢ 42 ᠵᠠᠰᠠᠪᠠ᠃   ᠴᠢᠶᠣᠤ ᠳ᠋ᠦᠩ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ︽ᠬᠠᠷᠢᠶᠠᠲᠤ ᠣᠷᠣᠨ ᠤ ᠪᠣᠯᠪᠠᠰᠤᠨ ᠢ ᠪᠢ ᠤᠯᠠᠮᠵᠢᠯᠠᠨ ᠵᠠᠯᠭᠠᠮᠵᠢᠯᠠᠵᠤ᠂ ᠬᠠᠷᠢᠶᠠᠲᠤ ᠣᠷᠣᠨ ᠤ ᠪᠥᠲᠥᠭᠡᠨ ᠪᠠᠶᠢᠭᠤᠯᠤᠯᠲᠠ ᠳᠤ ᠪᠢ ᠣᠷᠣᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠺᠠᠳ᠋ᠷ ᠣᠯᠠᠨ ᠲᠦᠮᠡᠨ ᠬᠠᠮᠲᠤ ᠪᠠᠷ ᠳᠠᠶᠢᠴᠢᠯᠠᠵᠤ᠂ ᠪᠣᠯᠪᠠᠰᠤᠨ ᠬᠤᠲᠠ ᠶᠢ ᠬᠠᠮᠲᠤ ᠪᠠᠷ ᠴᠣᠭᠴᠠᠯᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠂ ᠨᠠᠮ ᠣᠯᠠᠨ ᠲᠦᠮᠡᠨ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ︽ᠡᠴᠦᠰ ᠤᠨ ᠨᠢᠭᠡ ᠰᠠᠨᠲ᠋ᠢᠮᠧᠲᠷ︾᠎ ᠢ ᠬᠦᠴᠦᠨ ᠢᠶᠠᠨ ᠲᠥᠪᠯᠡᠷᠡᠭᠦᠯᠦᠨ ᠨᠡᠪᠲᠡᠷᠡᠭᠦᠯᠵᠦ᠂ ᠵᠢᠨᠢᠩ ᠲᠣᠭᠤᠷᠢᠭ ᠤᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠨ᠎ᠡ᠃                   ᠣᠷᠴᠢᠭᠤᠯᠤᠭᠴᠢ᠄ ᠳ᠋ᠦᠩ ᠾᠦᠢ 
 
ᠢᠷᠡᠯᠲᠡ᠄ ᠵᠢᠨᠢᠩ ᠲᠣᠭᠣᠷᠢᠭ ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2