ᠵᠢᠨᠢᠩ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/27
705470.jpg
     2 ᠳ᠋ᠤᠭᠠᠷ ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠬᠢᠨ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠲᠤᠭᠤᠷᠢᠭ ᠤᠨ ᠠᠶᠤᠯᠭᠦᠶ ᠦᠶᠯᠡᠳᠪᠦᠷᠢᠯᠡᠯ ᠤᠨ ᠠᠵᠢᠯ ᠢ  ᠪᠠᠶᠢᠷᠢᠯᠠᠭᠤᠯᠵᠤ ᠴᠢᠩᠭᠠᠳᠬᠠᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ ᠰᠢ ᠶᠢᠨ ᠫᠢᠩ  ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠦᠬᠦ  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠎ ᠠᠴᠠ ᠱᠠᠭᠠᠷᠳᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ  ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠦᠵᠡᠯ ᠰᠠᠨᠠᠭᠠᠨ ᠤ ᠬᠥᠪᠴᠢ ᠪᠠᠨ ᠢᠮᠠᠭᠲᠠ ᠴᠢᠩᠭᠠᠷᠠᠭᠤᠯᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠮᠤᠷ ᠲᠦᠪᠰᠢᠨ ᠢᠶᠠᠷ ᠬᠥᠭᠵᠢᠭᠦᠯᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠵᠢᠴᠢ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠡᠷᠡᠭᠵᠢᠭᠦᠯᠬᠦ︾ ᠱᠠᠭᠠᠷᠳᠠᠯᠭ᠎ᠠ ᠶᠣᠰᠣᠭᠠᠷ᠂ ᠡᠯ᠎ᠡ ᠠᠵᠢᠯ ᠲᠥᠷᠥᠯ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ  ᠲᠤᠭᠤᠷᠢᠭ ᠤᠨ  ᠠᠶᠤᠯ ᠥᠬᠡᠶ ᠦᠶᠯᠡᠳᠪᠦᠷᠢᠯᠡᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃      ᠵᠠᠩ ᠱᠧᠩ ᠵᠢᠶᠠᠩ᠂  ᠶᠤᠤ ᠬᠠᠢ ᠮᠢᠩ᠂ ᠵᠠᠩ ᡁᠢ ᠷᠦᠩ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ  ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                   ᠵᠢᠷᠤᠭ᠄ ᠭᠦᠸᠧ ᠸᠧᠨ ᠵᠢᠶᠧ                                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2