| | | | | | 2 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠰᠢᠨ ᠲᠢ ᠯᠦ ᠵᠡᠭᠡᠯᠢ | ᠭᠤᠳᠤᠮᠵᠢ ᠳᠤ ᠭᠦᠨᠵᠡᠭᠡᠶᠢᠷᠡᠨ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ | ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ | ᠺᠠᠩ ᠬᠠᠶ ᠷᠦᠢ ᠤᠷᠢᠳ ᠬᠤᠵᠢᠳ ᠵᠢᠶᠠᠨ ᠰᠢᠩ ᠰᠠᠭᠤᠭᠠᠯᠢ ᠲᠣᠭᠤᠷᠢᠭ᠂ ᠵᠠᠰᠠᠭ ᠤᠨ ᠣᠷᠳᠣᠨ ᠤ | ᠨᠡᠶᠢᠲᠡ ᠶᠢᠨ ᠪᠠᠶᠢᠷᠢ ᠶᠢᠨ ᠪᠠᠶᠢᠰᠢᠩ ᠬᠡᠷ ᠤᠨ ᠲᠣᠭᠤᠷᠢᠭ᠂ ᠶᠢᠨ ᠰᠢᠤ ᠶᠤᠸᠠᠨ ᠰᠠᠭᠤᠭᠠᠯᠢ ᠲᠣᠭᠤᠷᠢᠭ᠂ ᠳ᠋ᠢᠩ | ᠰᠢᠶᠠᠩ ᠶᠤᠸᠠᠨ ᠰᠠᠭᠤᠭᠠᠯᠢ ᠲᠣᠭᠤᠷᠢᠭ᠂ ᠷᠦ᠋ ᠢ ᠨᠡᠶᠢᠭᠡᠮ ᠲᠣᠭᠤᠷᠢᠭ ᠤᠨ ᠪᠠᠶᠢᠰᠢᠩ ᠬᠡᠷ ᠤᠨ ᠲᠣᠭᠤᠷᠢᠭ ᠵᠡᠷᠭᠡ | ᠭᠠᠵᠠᠷ ᠲᠤ ᠬᠦᠷᠴᠦ᠂ ᠳᠠᠭᠠᠭᠠᠴᠢᠯᠠᠭᠰᠠᠨ ᠬᠡᠰᠡᠭ ᠤᠨ ᠣᠷᠣᠨ ᠪᠦᠰᠡ ᠶᠢᠨ ᠪᠣᠳᠠᠲᠠᠶ ᠪᠠᠶᠢᠳᠠᠯ ᠢ ᠪᠠᠶᠢᠴᠠᠭᠠᠨ | ᠦᠵᠡᠵᠦ᠂ ᠣᠲᠣ ᠪᠠᠶᠢᠭ᠎ᠠ ᠣᠷᠴᠢᠨ ᠠᠬᠤᠶ ᠶᠢᠨ ᠡᠷᠡᠭᠦᠯ ᠬᠠᠮᠠᠭᠠᠯᠠᠯ᠂ ᠬᠦᠷᠢᠶ᠎ᠡ ᠬᠡᠷᠡᠮ ᠢ ᠰᠡᠯᠪᠢᠨ ᠵᠠᠰᠠᠬᠤ᠂ | ᠵᠠᠮ ᠤᠨ ᠭᠠᠳᠠᠷᠭᠤ ᠶᠢ ᠳᠡᠪᠢᠰᠬᠦ ᠵᠡᠷᠭᠡ ᠲᠣᠪᠤᠶᠢᠮ᠎ᠠ ᠠᠰᠠᠭᠤᠳᠠᠯ ᠤᠨ ᠲᠤᠬᠠᠶ ᠴᠡᠭᠴᠡᠯᠡᠨ ᠰᠠᠶᠢᠵᠢᠷᠠᠭᠤᠯᠬᠤ | ᠰᠠᠨᠠᠯ ᠢᠶᠠᠨ ᠲᠣᠳᠣᠷᠬᠠᠶ ᠳᠤᠷᠠᠳᠴᠤ᠂ ᠰᠢᠪᠠᠳᠠᠨ ᠵᠢᠯᠣᠭᠤᠳᠴᠤ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠪᠠ᠃ | ᠺᠠᠩ ᠬᠠᠶ ᠷᠦᠢ ᠬᠡᠯᠡᠬᠦ ᠳᠡᠭᠡᠨ᠂ ᠵᠡᠭᠡᠯᠢ ᠭᠤᠳᠤᠮᠵᠢ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠢ ᠪᠣᠯᠤᠨ | ᠬᠠᠮᠢᠶ᠎ᠠ ᠪᠦᠬᠦᠢ ᠡᠭᠦᠷᠭᠡ ᠴᠢᠳᠠᠪᠬᠢ ᠶᠢᠨ ᠰᠠᠯᠠᠭ᠎ᠠ ᠮᠥᠴᠢᠷ ᠤᠨ ᠬᠢᠨ ︽ᠪᠣᠭᠤᠮᠲᠠ ᠰᠢᠪᠲᠤᠯᠬᠤ︾ ᠣᠪᠣᠷ | ᠪᠠᠶᠢᠳᠠᠯ ᠢᠶᠠᠷ ᠬᠤᠳᠠ ᠶᠢ ᠴᠣᠭᠴᠠᠯᠠᠬᠤ ᠬᠦᠨᠳᠦ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠬᠤᠳᠠ ᠪᠠᠶᠢᠭᠤᠯᠬᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ | ᠪᠣᠯᠤᠨ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠮᠥᠷᠥᠨ ᠳᠡᠭᠡᠷᠡᠬᠢ ᠬᠠᠷᠢᠭᠤᠴᠠᠯᠭ᠎ᠠ ᠶᠢ ᠴᠢᠩᠭ᠎ᠠ ᠳᠠᠷᠤᠵᠤ᠂ | ᠦᠷᠭᠦᠯᠵᠢᠯᠡᠨ ᠲᠤᠬᠢᠷᠠᠭᠤᠯᠬᠤ ᠶᠢ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠪᠦᠬᠦ ᠠᠵᠢᠯᠳᠠᠨ ᠤ | ᠠᠵᠢᠯᠯᠠᠭ᠎ᠠ ᠪᠠᠷ ᠠᠵᠢᠯ ᠢ ᠠᠳᠬᠤᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠡᠳᠦᠷ ᠪᠦᠷᠢ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠠᠵᠢᠯ ᠳᠤ ᠭᠠᠷᠪᠠᠴᠤ ᠬᠦᠴᠦ | ᠭᠠᠷᠭᠠᠬᠤ ᠦᠭᠡᠢ᠂ ᠠᠵᠢᠯ ᠳᠤ ᠭᠠᠷᠪᠠᠴᠤ ᠠᠵᠢᠯ ᠭᠠᠷᠭᠠᠬᠤ ᠦᠭᠡᠢ᠂ ᠠᠵᠢᠯ ᠳᠤ ᠭᠠᠷᠪᠠᠴᠤ ᠦᠷ᠎ᠡ ᠪᠦᠲᠦᠮᠵᠢ | ᠤᠯᠬᠤ ᠦᠭᠡᠢ︾ ᠦᠵᠡᠭᠳᠡᠯ ᠭᠠᠷᠬᠤ ᠶᠢ ᠬᠤᠷᠢᠭᠯᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃ | ᠵᠢᠷᠤᠭ᠄ ᠭᠦᠸᠧ ᠸᠧᠨ ᠵᠢᠶᠧ | ᠤᠷᠴᠢᠭᠤᠯᠤᠭᠴᠢ᠄ ᠲᠤᠶᠠᠭ᠎ᠠ | | | |