ᠵᠠᠩ ᠶᠦᠩ ᠸᠧᠨ ᠮᠠᠨ ᠤ ᠲᠤᠭᠤᠷᠢᠭ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/27
705470.jpg
     2 ᠳ᠋ᠤᠭᠠᠷ ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠮᠠᠨ ᠤ ᠲᠤᠭᠤᠷᠢᠭ ᠤᠨ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ  ᠬᠤᠷᠢᠭ᠎ᠠ ᠱᠤᠭᠤᠮ ᠤᠨ ᠤᠬᠠᠮᠰᠠᠷ ᠪᠠ ᠬᠢᠵᠠᠭᠠᠷ ᠱᠤᠭᠤᠮ ᠤᠨ ᠰᠡᠳᠬᠢᠬᠦᠶ ᠶᠢ ᠤᠯᠠᠮ ᠨᠢᠭᠡ ᠠᠯᠬᠤᠮ ᠴᠢᠩᠭᠠᠳᠬᠠᠨ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠪᠠ᠃     ᠵᠠᠩ ᠶᠦᠩ ᠸᠧᠨ ᠤᠷᠢᠳ ᠬᠤᠵᠢᠳ ᠲᠢᠶᠠᠨ ᠶᠢᠨ ᠎ ᠶᠢᠨ ᠷᠠᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠢᠨᠢᠩ ᠤᠨ ᠬᠤᠪᠢᠶᠠᠷᠢ ᠺᠣᠮᠫᠠᠨᠢ᠂ ᠤᠯᠠᠭᠠᠨᠴᠠᠪ ᠬᠤᠳᠠ ᠶᠢᠨ ᠬᠠᠨ ᠯᠠᠨ ᠬᠦ᠋ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠢᠵᠠᠭᠠᠷᠲᠤ ᠺᠣᠮᠫᠠᠨᠢ᠂ ᠤᠯᠠᠭᠠᠨᠴᠠᠪ ᠬᠤᠳᠠ ᠶᠢᠨ ᠨᠠᠨ ᠳ᠋ᠠ ᠪᠢᠴᠢᠯ ᠡᠯᠧᠺᠲᠷᠣᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠤᠯᠠᠭᠠᠨᠴᠠᠪ ᠴᠠᠩ ᠱᠧᠩ ᠬᠡᠢ ᠪᠡᠶᠡᠲᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠴᠢ ᠥᠪᠥᠷ ᠮᠣᠩᠭᠤᠯ ᠤᠨ ᠵᠢᠩ ᠨᠢᠩ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠳᠤ ᠬᠦᠷᠴᠡᠢ᠃ ᠬᠦᠷᠦᠭᠰᠡᠨ ᠭᠠᠵᠠᠷ ᠪᠣᠯᠭᠠᠨ ᠳᠤ᠂ ᠠᠵᠤ ᠠᠬᠤᠶᠢᠯᠠᠯ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ᠂  ᠲᠥᠬᠦᠭᠡᠷᠦᠮᠵᠢ ᠶᠢᠨ ᠠᠵᠢᠯᠯᠠᠭᠠᠨ᠂ ᠠᠶᠤᠯᠭᠦᠶ ᠦᠶᠯᠡᠳᠪᠦᠷᠢᠯᠡᠯ ᠤᠨ ᠲᠦᠷᠢᠮ ᠤᠨ ᠨᠠᠶᠢᠳᠠᠪᠤᠷᠢᠵᠢᠭᠤᠯᠤᠯᠲᠠ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ 24 ᠴᠠᠭ ᠢᠶᠠᠷ ᠵᠢᠵᠢᠭᠦᠷᠯᠡᠬᠦ ᠵᠡᠷᠭᠡ ᠪᠠᠶᠢᠳᠠᠯ ᠢ ᠣᠶᠢᠯᠠᠭᠠᠪᠠ᠃     ᠵᠠᠩ ᠶᠦᠩ ᠸᠧᠨ  ᠱᠠᠭᠠᠷᠳᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ  ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ ᠠᠷᠭ᠎ᠠ  ᠬᠡᠮᠵᠢᠶ᠎ᠡ ᠶᠢ ᠨᠢᠮᠪᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠳᠤ ᠶᠠᠮᠠᠷ ᠴᠤ ᠰᠠᠨᠠᠭᠠᠨ ᠳᠤ ᠦᠭᠡᠢ ᠶᠠᠪᠤᠳᠠᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠲᠦᠷᠦᠯ ᠤᠨ ᠭᠡᠮ ᠰᠣᠭᠤᠭ ᠢ ᠳᠠᠷᠠᠭᠠᠯᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠴᠢᠩᠭ᠎ᠠ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯᠳᠠᠨ ᠤ ᠪᠣᠯᠪᠠᠰᠤᠷᠠᠯ ᠢ ᠴᠢᠩᠭᠠᠳᠬᠠᠵᠤ᠂ ᠠᠶᠤᠯᠭᠦᠢ ᠠᠵᠢᠯᠯᠠᠭᠠᠨ ᠤ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃    ᠶᠤᠤ ᠬᠠᠶ ᠮᠢᠩ᠂ ᠵᠠᠩ ᡁᠢ ᠷᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                  ᠵᠢᠷᠤᠭ᠄  ᠭᠦᠸᠧ ᠸᠧᠨ ᠵᠢᠶᠧ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2