ᠺᠠᠩ ᠬᠠᠶ ᠷᠦᠢ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/27
     2 ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠰᠢᠨ ᠲᠢ  ᠯᠦ ᠵᠡᠭᠡᠯᠢ ᠭᠤᠳᠤᠮᠵᠢ ᠳᠤ ᠭᠦᠨᠵᠡᠭᠡᠶᠢᠷᠡᠨ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃      ᠺᠠᠩ ᠬᠠᠶ ᠷᠦᠢ ᠤᠷᠢᠳ ᠬᠤᠵᠢᠳ ᠵᠢᠶᠠᠨ ᠰᠢᠩ  ᠰᠠᠭᠤᠭᠠᠯᠢ ᠲᠣᠭᠤᠷᠢᠭ᠂ ᠵᠠᠰᠠᠭ ᠤᠨ ᠣᠷᠳᠣᠨ ᠤ ᠨᠡᠶᠢᠲᠡ ᠶᠢᠨ ᠪᠠᠶᠢᠷᠢ ᠶᠢᠨ ᠪᠠᠶᠢᠰᠢᠩ ᠬᠡᠷ ᠤᠨ ᠲᠣᠭᠤᠷᠢᠭ᠂ ᠶᠢᠨ ᠰᠢᠤ ᠶᠤᠸᠠᠨ ᠰᠠᠭᠤᠭᠠᠯᠢ  ᠲᠣᠭᠤᠷᠢᠭ᠂ ᠳ᠋ᠢᠩ ᠰᠢᠶᠠᠩ ᠶᠤᠸᠠᠨ  ᠰᠠᠭᠤᠭᠠᠯᠢ ᠲᠣᠭᠤᠷᠢᠭ᠂ ᠷᠦ᠋ ᠢ ᠨᠡᠶᠢᠭᠡᠮ ᠲᠣᠭᠤᠷᠢᠭ ᠤᠨ ᠪᠠᠶᠢᠰᠢᠩ ᠬᠡᠷ ᠤᠨ ᠲᠣᠭᠤᠷᠢᠭ ᠵᠡᠷᠭᠡ ᠭᠠᠵᠠᠷ ᠲᠤ ᠬᠦᠷᠴᠦ᠂ ᠳᠠᠭᠠᠭᠠᠴᠢᠯᠠᠭᠰᠠᠨ ᠬᠡᠰᠡᠭ ᠤᠨ ᠣᠷᠣᠨ ᠪᠦᠰᠡ ᠶᠢᠨ ᠪᠣᠳᠠᠲᠠᠶ ᠪᠠᠶᠢᠳᠠᠯ ᠢ  ᠪᠠᠶᠢᠴᠠᠭᠠᠨ ᠦᠵᠡᠵᠦ᠂ ᠣᠲᠣ ᠪᠠᠶᠢᠭ᠎ᠠ ᠣᠷᠴᠢᠨ ᠠᠬᠤᠶ ᠶᠢᠨ ᠡᠷᠡᠭᠦᠯ ᠬᠠᠮᠠᠭᠠᠯᠠᠯ᠂ ᠬᠦᠷᠢᠶ᠎ᠡ ᠬᠡᠷᠡᠮ ᠢ ᠰᠡᠯᠪᠢᠨ ᠵᠠᠰᠠᠬᠤ᠂ ᠵᠠᠮ ᠤᠨ ᠭᠠᠳᠠᠷᠭᠤ ᠶᠢ ᠳᠡᠪᠢᠰᠬᠦ ᠵᠡᠷᠭᠡ ᠲᠣᠪᠤᠶᠢᠮ᠎ᠠ ᠠᠰᠠᠭᠤᠳᠠᠯ ᠤᠨ ᠲᠤᠬᠠᠶ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠲᠣᠳᠣᠷᠬᠠᠶ ᠳᠤᠷᠠᠳᠴᠤ᠂ ᠰᠢᠪᠠᠳᠠᠨ ᠵᠢᠯᠣᠭᠤᠳᠴᠤ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠪᠠ᠃      ᠺᠠᠩ ᠬᠠᠶ ᠷᠦᠢ ᠬᠡᠯᠡᠬᠦ ᠳᠡᠭᠡᠨ᠂ ᠵᠡᠭᠡᠯᠢ ᠭᠤᠳᠤᠮᠵᠢ᠂ ᠳᠠᠭᠠᠭᠠᠴᠢᠯᠠᠨ ᠬᠤᠯᠪᠣᠭᠠᠯᠠᠭᠰᠠᠨ  ᠨᠢᠭᠡᠴᠢ ᠪᠣᠯᠤᠨ ᠬᠠᠮᠢᠶ᠎ᠠ ᠪᠦᠬᠦᠢ ᠡᠭᠦᠷᠭᠡ ᠴᠢᠳᠠᠪᠬᠢ ᠶᠢᠨ ᠰᠠᠯᠠᠭ᠎ᠠ ᠮᠥᠴᠢᠷ ᠤᠨ ᠬᠢᠨ ︽ᠪᠣᠭᠤᠮᠲᠠ ᠰᠢᠪᠲᠤᠯᠬᠤ︾ ᠣᠪᠣᠷ ᠪᠠᠶᠢᠳᠠᠯ ᠢᠶᠠᠷ ᠬᠤᠳᠠ ᠶᠢ ᠴᠣᠭᠴᠠᠯᠠᠬᠤ ᠬᠦᠨᠳᠦ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠬᠤᠳᠠ ᠪᠠᠶᠢᠭᠤᠯᠬᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠣᠯᠤᠨ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠮᠥᠷᠥᠨ ᠳᠡᠭᠡᠷᠡᠬᠢ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠦᠷᠭᠦᠯᠵᠢᠯᠡᠨ ᠲᠤᠬᠢᠷᠠᠭᠤᠯᠬᠤ ᠶᠢ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠪᠦᠬᠦ ᠠᠵᠢᠯᠳᠠᠨ ᠤ ᠠᠵᠢᠯᠯᠠᠭ᠎ᠠ ᠪᠠᠷ ᠠᠵᠢᠯ ᠢ ᠠᠳᠬᠤᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠳᠦᠷ ᠪᠦᠷᠢ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠠᠵᠢᠯ ᠳᠤ ᠭᠠᠷᠪᠠᠴᠤ ᠬᠦᠴᠦ ᠭᠠᠷᠭᠠᠬᠤ ᠦᠭᠡᠢ᠂ ᠠᠵᠢᠯ ᠳᠤ ᠭᠠᠷᠪᠠᠴᠤ ᠠᠵᠢᠯ ᠭᠠᠷᠭᠠᠬᠤ ᠦᠭᠡᠢ᠂ ᠠᠵᠢᠯ ᠳᠤ ᠭᠠᠷᠪᠠᠴᠤ ᠦᠷ᠎ᠡ ᠪᠦᠲᠦᠮᠵᠢ ᠤᠯᠬᠤ ᠦᠭᠡᠢ︾ ᠦᠵᠡᠭᠳᠡᠯ ᠭᠠᠷᠬᠤ ᠶᠢ ᠬᠤᠷᠢᠭᠯᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ  ᠭᠡᠵᠡᠢ᠃                  ᠵᠢᠷᠤᠭ᠄ ᠭᠦᠸᠧ ᠸᠧᠨ  ᠵᠢᠶᠧ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2