ᠵᠢᠨᠢᠩ ᠲᠣᠭᠤᠷᠢᠭ ᠪᠣᠯᠣᠨ ᠳᠤᠮᠳᠠᠳᠤ ᠤᠯᠤᠰ ᠤᠨ ᠭᠠᠳᠠᠭᠠᠳᠤ ᠳᠤ ᠬᠤᠯᠪᠣᠭᠳᠠᠬᠤ ᠰᠤᠷᠭᠠᠨ ᠬᠥᠮᠦᠵᠢᠯ ᠤᠨ ᠪᠦᠯᠦᠭᠯᠡᠯ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/2/27
       2 ᠰᠠᠷ᠎ᠠ ᠶᠢᠨ 22᠎ ᠤᠨ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠪᠣᠯᠣᠨ ᠳᠤᠮᠳᠠᠳᠤ ᠤᠯᠤᠰ ᠤᠨ ᠭᠠᠳᠠᠭᠠᠳᠤ ᠳᠤ ᠬᠤᠯᠪᠣᠭᠳᠠᠬᠤ ᠰᠤᠷᠭᠠᠨ ᠬᠥᠮᠦᠵᠢᠯ ᠤᠨ ᠪᠦᠯᠦᠭᠯᠡᠯ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠤᠨ ᠦᠢᠯᠡᠰ ᠵᠢᠴᠢ ᠡᠷᠡᠭᠦᠯ ᠮᠡᠨᠳᠦ ᠶᠢ ᠬᠠᠮᠠᠭᠠᠯᠠᠬᠤ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠵᠥᠪᠳᠡᠯᠴᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ᠂ ᠳᠤᠮᠳᠠᠳᠤ ᠤᠯᠤᠰ ᠤᠨ ᠭᠠᠳᠠᠭᠠᠳᠤ ᠳᠤ ᠬᠤᠯᠪᠣᠭᠳᠠᠬᠤ ᠰᠤᠷᠭᠠᠨ ᠬᠥᠮᠦᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠺᠠᠩ ᠵᠧᠩ ᠶᠠᠷᠢᠯᠴᠠᠬᠤ ᠬᠤᠷᠠᠯ ᠳᠤ ᠣᠷᠣᠯᠴᠠᠪᠠ᠃ ᠵᠠᠩ ᠶᠦᠩ ᠸᠧᠨ ᠺᠠᠩ ᠵᠧᠩ ᠲᠡᠷᠢᠭᠦᠯᠡᠭᠴᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ ᠤᠯᠤᠰ ᠤᠨ ᠭᠠᠳᠠᠭᠠᠳᠤ ᠳᠤ ᠬᠤᠯᠪᠣᠭᠳᠠᠬᠤ ᠰᠤᠷᠭᠠᠨ ᠬᠥᠮᠦᠵᠢᠯ ᠤᠨ ᠪᠦᠯᠦᠭᠯᠡᠯ ᠨᠢ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠭᠠᠳᠠᠭᠠᠳᠤ ᠳᠤ ᠬᠤᠯᠪᠣᠭᠳᠠᠬᠤ ᠰᠤᠷᠭᠠᠨ ᠬᠥᠮᠦᠵᠢᠯ᠂ ᠡᠷᠡᠭᠦᠯ ᠮᠡᠨᠳᠦ ᠶᠢ ᠬᠠᠮᠠᠭᠠᠯᠠᠬᠤ ᠠᠵᠤ ᠦᠢᠯᠡᠰ ᠵᠡᠷᠭᠡ ᠬᠦᠷᠢᠶᠡᠨ ᠳᠤ ᠨᠡᠯᠢᠶᠡᠳ ᠴᠢᠩᠭ᠎ᠠ ᠴᠢᠳᠠᠪᠤᠷᠢᠲᠠᠨ ᠤ ᠳᠠᠪᠠᠭᠤᠯᠢᠭ ᠪᠠ ᠬᠠᠮᠢᠶᠠᠷᠤᠯᠲᠠ ᠶᠢᠨ ᠲᠤᠷᠰᠢᠯᠭ᠎ᠠ ᠲᠠᠢ ᠪᠠᠶᠢᠵᠤ᠂ ᠵᠢᠨᠢᠩ ᠲᠣᠭᠤᠷᠢᠭ ᠯᠤᠭ᠎ᠠ ᠮᠠᠰᠢ ᠶᠡᠭᠡ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠡᠷᠲᠡᠬᠡᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠵᠤ᠂ ᠲᠦᠷᠦᠯ ᠵᠦᠢᠯ ᠤᠨ ᠡᠷᠲᠡᠬᠡᠨ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃        ᠺᠠᠩ ᠵᠧᠩ ᠵᠢᠨᠢᠩ ᠲᠣᠭᠤᠷᠢᠭ ᠲᠤ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠭᠰᠠᠨ ᠰᠠᠶᠢᠨ ᠰᠠᠶᠢᠬᠠᠨ ᠰᠠᠭᠤᠭᠳᠠᠯ ᠢᠶᠠᠨ ᠢᠯᠡᠳᠬᠡᠭᠰᠡᠨ ᠪᠥᠭᠡᠳ ᠵᠢᠨᠢᠩ ᠲᠣᠭᠤᠷᠢᠭ ᠤᠨ ᠠᠵᠤ ᠠᠬᠤᠶᠢᠯᠠᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠥᠭᠭᠦᠭᠰᠡᠨ ᠪᠦᠷᠢᠨ ᠭᠦᠢᠴᠡᠳ ᠦᠢᠯᠡᠴᠢᠯᠡᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠳᠤᠮᠳᠠᠳᠤ ᠤᠯᠤᠰ ᠤᠨ ᠭᠠᠳᠠᠭᠠᠳᠤ ᠳᠤ ᠬᠤᠯᠪᠣᠭᠳᠠᠬᠤ ᠰᠤᠷᠭᠠᠨ ᠬᠥᠮᠦᠵᠢᠯ ᠤᠨ ᠪᠦᠯᠦᠭᠯᠡᠯ ᠤᠨ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠤᠭᠰᠠᠨ ᠤ ᠳᠠᠷᠠᠭ᠎ᠠ ᠺᠠᠩ ᠵᠧᠩ ᠬᠡᠯᠡᠬᠦ ᠳᠡᠭᠡᠨ᠂ ᠡᠨᠡ ᠤᠳᠠᠭ᠎ᠠ ᠶᠢᠨ ᠪᠠᠶᠢᠴᠠᠭᠠᠨ ᠰᠣᠯᠢᠯᠴᠠᠬᠤ ᠲᠣᠬᠢᠶᠠᠯ ᠢ ᠠᠰᠢᠭᠯᠠᠨ ᠵᠢᠨᠢᠩ ᠲᠣᠭᠤᠷᠢᠭ ᠤᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠡᠷᠢᠯᠬᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠣᠷᠣᠨ ᠵᠠᠢ ᠶᠢ ᠥᠷᠭᠡᠳᠬᠡᠵᠦ ᠥᠭᠬᠦ ᠶᠢ ᠬᠦᠰᠡᠵᠦ ᠪᠠᠶᠢᠨ᠎ᠠ ᠭᠡᠵᠡᠢ᠃                       ᠣᠷᠴᠢᠭᠤᠯᠤᠭᠴᠢ᠄ ᠳ᠋ᠦᠩ ᠾᠦᠢ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2