2023 ᠣᠨ ᠤ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/28
2023 ᠣᠨ ᠤ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ                              ᠲᠣᠭᠤᠷᠢᠭ ᠤᠨ ᠳᠠᠷᠤᠭ᠎ᠠ ᠺᠠᠩ ᠬᠠᠶ ᠷᠦᠢᠲᠥᠯᠥᠭᠡᠯᠡᠭᠴᠢᠳ ᠡ᠄    ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠡᠷᠬᠢᠮ ᠨᠠᠨᠳᠢᠨ ᠰᠠᠨᠠᠯ ᠢᠶᠠᠨ ᠳᠤᠷᠠᠳᠬᠤ ᠪᠣᠯᠪᠠᠤ᠃ᠨᠢᠭᠡ᠂ 2022 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠪᠣᠯ ᠮᠠᠨ ᠤ ᠲᠤᠭᠤᠷᠢᠭ ᠤᠨ ᠶᠡᠭᠡ ᠳᠠᠶᠢᠯᠠᠯᠳᠤᠭᠠᠨ ᠂ ᠶᠡᠭᠡ ᠰᠢᠯᠭᠠᠯᠲᠠ ᠶᠢ ᠢᠳᠡᠪᠬᠢᠲᠡᠢ ᠪᠠᠷ ᠠᠷᠭᠠᠴᠠᠵᠤ᠂ ᠤᠯᠠᠨ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠷᠡᠮᠡᠬᠡᠶᠢᠯᠡᠨ  ᠤᠷᠤᠭᠰᠢᠯᠠᠭᠰᠠᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠤᠨ ᠳᠠᠬᠢᠨ ᠳᠠᠪᠲᠠᠨ ᠳᠠᠭᠠᠷᠢᠯᠲᠠ ᠪᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠤᠷᠸ᠎ᠠ ᠪᠠᠶᠢᠳᠠᠯ ᠤᠨ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠣᠯᠤᠨ  ᠲᠤᠭᠤᠷᠢᠭ ᠤᠨ ᠨᠠᠮ ᠤᠨ  ᠬᠤᠷᠢᠶ᠎ᠠ ᠎ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ  ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠎ ᠨᠢ ᠲᠣᠭᠲᠠᠭᠤᠨ ᠤ ᠳᠤᠮᠳᠠ ᠤᠷᠤᠭᠰᠢᠯᠠᠵᠤ᠂ ᠬᠦᠴᠢᠷ ᠤᠨ ᠳᠤᠮᠳᠠ ᠤᠷᠤᠭᠰᠢᠯᠠᠭᠤᠯᠬᠤ ᠬᠥᠭᠵᠢᠯᠲᠡ ᠶᠢᠨ ᠪᠠᠶᠢᠳᠠᠯ ᠢᠯᠡᠷᠡᠵᠡᠢ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠢ 252.13 ᠳ᠋ᠦᠩᠰᠢᠭᠤᠷ ᠲᠥᠭᠦᠷᠢᠭ ᠪᠡᠶᠡᠯᠡᠭᠦᠯᠵᠦ᠂ 3.8%᠎ ᠪᠠᠷ ᠨᠠᠮᠡᠭᠳᠡᠭᠦᠯᠵᠡᠢ᠃  ᠬᠡᠪᠴᠢᠶᠡᠵᠢᠯ ᠠᠴᠠ ᠳᠡᠭᠡᠷᠡᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠤᠴᠠ 2.8%᠎ ᠳᠤ ᠬᠦᠷᠴᠡᠢ ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 105 ᠳ᠋ᠦᠩᠰᠢᠭᠤᠷ ᠲᠥᠭᠦᠷᠢᠭ ᠪᠡᠶᠡᠯᠡᠭᠦᠯᠵᠦ᠂ 16.4%᠎ ᠪᠠᠷ ᠨᠡᠮᠡᠭᠳᠡᠪᠡ ᠃ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 92 ᠳ᠋ᠦᠩᠰᠢᠭᠤᠷ ᠲᠥᠭᠦᠷᠢᠭ ᠲᠤ ᠬᠥᠷᠪᠡ ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 12.52 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.3%᠎ ᠪᠠᠷ ᠨᠡᠮᠡᠭᠳᠡᠪᠡ ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 40270 ᠲᠥᠭᠦᠷᠢᠭ᠂ 22865 ᠲᠥᠭᠦᠷᠢᠭ ᠲᠤ ᠬᠦᠷᠴᠦ᠂ ᠲᠤᠰ ᠲᠤᠰ 6.2% ᠪᠠ 8.3%᠎ ᠪᠠᠷ ᠨᠡᠮᠡᠭᠳᠡᠪᠡ᠃     ᠨᠢᠭᠡ ᠵᠢᠯ ᠤᠨ ᠲᠤᠷᠰᠢ᠂ ᠪᠢᠳᠡ ᠴᠢᠷᠮᠠᠶᠢᠨ ᠲᠡᠮᠡᠴᠡᠭᠴᠢ ᠶᠢᠨ ᠲᠦᠷᠢ ᠪᠠᠶᠢᠳᠠᠯ ᠢᠶᠠᠷ ᠰᠢᠭᠤᠷᠬᠠᠢ ᠪᠠᠷ ᠤᠷᠤᠭᠰᠢᠯᠠᠬᠤ ᠶᠢ ᠪᠠᠷᠢᠮᠲᠠᠯᠠᠵᠤ᠂ ᠪᠣᠳᠠᠲᠤ ᠴᠣᠭᠴᠠ ᠶᠢᠨ ᠠᠵᠤ ᠠᠬᠤᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠠᠪᠤᠴᠠ ᠳᠤ ᠨᠡᠩ ᠪᠠᠲᠤ ᠪᠠᠬᠢ ᠪᠣᠯᠵᠠᠢ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ  ᠪᠠᠲᠤ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 1 ᠲᠦᠮᠡᠨ ᠮᠥ᠂ ᠨᠡᠷᠡᠨ ᠬᠡᠷᠡᠯ ᠤᠨ ᠬᠦᠯᠡᠮᠵᠢ 20᠎ ᠶᠢ ᠰᠢᠨ᠎ᠡ ᠪᠠᠷ ᠪᠠᠶᠢᠭᠤᠯᠵᠤ᠂ 3000 ᠮᠥ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠬᠡᠯᠪᠡᠷᠢ ᠶᠢᠨ ᠨᠡᠶᠢᠯᠡᠮᠡᠯ ᠳᠠᠷᠢᠬᠤ ᠡᠭᠦᠷᠭᠡ ᠶᠢ ᠪᠡᠶᠡᠯᠡᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 3.18 ᠲᠦᠮᠡᠨ ᠮᠥ ᠨᠡᠮᠡᠭᠳᠡᠭᠦᠯᠵᠦ᠂ 8.96 ᠲᠦᠮᠡᠨ ᠮᠥ ᠳᠤ ᠬᠦᠷᠦᠭᠦᠯᠵᠡᠢ᠃ ᠭᠠᠷᠤᠯᠲᠠ ᠨᠢ 1029 ᠲᠦᠮᠡᠨ ᠵᠢᠩ ᠨᠡᠮᠡᠭᠳᠡᠵᠦ᠂ 4684 ᠲᠦᠮᠡᠨ ᠵᠢᠩ ᠳᠤ ᠬᠦᠷᠴᠡᠶ᠃ ᠪᠣᠬᠢᠷᠲᠤᠯ ᠥᠬᠡᠶ ᠣᠷᠭᠠᠨᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ 8 ᠭᠡᠷᠡᠴᠢᠯᠡᠵᠦ᠂   ᠯᠠᠨ  ᠭᠧ  ᠭᠧ᠂᠂ ᠲᠥᠮᠥᠰᠥ ᠶᠢᠨ ᠴᠤᠭᠯᠠᠷᠠᠯ ᠨᠢ ︽ᠤᠯᠠᠭᠠᠨᠴᠠᠪ︾᠎ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢᠶᠠᠷ ᠵᠥᠪᠰᠢᠶᠡᠷᠡᠭᠳᠡᠪᠡ᠃ ᠱᠢ ᠵᠢᠶᠠ ᠲᠣᠰᠬᠤᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠠᠢ ᠬᠠᠢ ᠽᠢ ᠶᠢᠨ ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠶᠢ ᠠᠮᠢ ᠠᠬᠤᠢ ᠪᠠᠷ ᠦᠷᠡᠵᠢᠭᠦᠯᠦᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠪᠦᠬᠦ ᠲᠠᠯ᠎ᠠ ᠪᠠᠷ ᠡᠬᠢᠯᠡᠭᠦᠯᠪᠡ᠃ ᠠᠯᠢᠪᠠᠪᠠ ᠶᠢᠨ ᠰᠢᠨ᠎ᠡ ᠪᠠᠷ ᠨᠡᠮᠡᠭᠳᠡᠭᠰᠡᠨ ᠦᠢᠯᠡᠴᠢᠯᠡᠭᠡᠨ ᠤ ᠮᠠᠰᠢᠨ 2 ᠲᠦᠮᠡ ᠳᠤ ᠬᠦᠷᠴᠦ᠂ ᠲᠠᠯᠪᠢᠭᠤᠷ ᠲᠤ ᠭᠠᠷᠬᠤ ᠨᠤᠷᠮ᠎ᠠ 20 ᠵᠠᠭᠤᠨ ᠤ ᠨᠢᠭᠡᠴᠢ ᠳᠡᠭᠡᠭᠰᠢᠯᠡᠪᠡ᠃   ᠨᠠᠨ ᠳ᠋ᠠ ᠭᠤᠸᠠᠩ ᠳ᠋ᠢᠶᠠᠨ ᠭᠤᠷᠪᠠᠨ ᠹᠯᠣᠷᠲᠤ ᠠᠽᠣᠲ ᠤᠨ ᠬᠤᠶᠠᠳᠤᠭᠠᠷ ᠬᠤᠭᠤᠴᠠᠭ᠎ᠠ᠂ ᠬᠠᠶ ᠯᠢ ᠬᠤᠸᠠ ᠴᠸᠡᠭ ᠪᠦᠸᠧ ᠶᠢ ᠠᠰᠢᠭᠯᠠᠯᠲᠠ ᠳᠤ ᠣᠷᠣᠭᠤᠯᠵᠤ᠂ ᠵᠢᠩ ᠨᠢᠩ ᠬᠤᠶᠠᠳᠤᠭᠠᠷ ᠬᠤᠭᠤᠴᠠᠭᠠᠨ ᠤ ᠠᠩᠬᠠᠳᠠᠭᠴᠢ ᠮᠠᠰᠢᠨ ᠴᠣᠭᠴᠠᠯᠠᠪᠤᠷᠢ ᠶᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ᠃ ᠳ᠋ᠦᠩ ᠶᠠᠩ ᠭᠤᠸᠠᠩ᠂ ᠬᠠᠶ ᠯᠢ ᠬᠤᠸᠠ ᠴᠸᠡᠭ ᠪᠦᠸᠧ ᠰᠢᠨ᠎ᠡ ᠪᠠᠷ 32 ᠦᠶᠯᠡᠳᠪᠦᠷᠢᠯᠡᠯ ᠤᠨ ᠱᠤᠭᠤᠮ ᠨᠡᠮᠡᠭᠳᠡᠭᠦᠯᠵᠦ᠂ ᠦᠶᠯᠡᠳᠪᠦᠷᠢᠯᠡᠬᠦ ᠴᠢᠳᠠᠪᠤᠷᠢ ᠨᠢ 4500 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠪᠡ᠃  ᠯᠠᠨ ᠭᠧ ᠭᠧ  ᠰᠦ ᠶᠢᠨ ᠦᠶᠯᠡᠰ ᠨᠢ ︽ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠡᠭᠡᠳᠡᠭᠰᠡᠨ  ᠰᠦ ᠶᠢᠨ ᠮᠡᠷᠭᠡᠵᠢᠯ ᠤᠨ ᠰᠤᠳᠤᠯᠭᠠᠨ ᠤ ᠲᠥᠪ︾᠎ ᠤᠨ ᠵᠥᠪᠰᠢᠶᠡᠷᠡᠯ ᠢ ᠣᠯᠵᠤ᠂ ᠳ᠋ᠦᠩ ᠯᠠᠶ ᠱᠦᠨ᠂ ᠯᠣᠣ ᠮᠠ ᠯᠠᠯᠤ ᠶᠢᠨ ᠵᠢᠯ ᠳᠤ ᠪᠣᠯᠪᠠᠰᠤᠷᠠᠭᠤᠯᠤᠭᠰᠠᠨ ᠦᠬᠡᠷ ᠬᠤᠨᠢᠨ ᠮᠢᠬ᠎ᠠ 1 ᠲᠦᠮᠡᠨ ᠲᠣᠨ ᠢ ᠳᠠᠪᠠᠪᠠ᠃ ᠴᠠᠬᠠᠷ ᠴᠠᠰᠤᠨ ᠳᠤ ᠭᠤᠯᠭᠤᠬᠤ ᠲᠠᠯᠠᠪᠠᠶ ᠶᠢᠨ ᠡᠵᠡᠩᠨᠡᠯᠲᠡ ᠶᠢ ᠳᠠᠬᠢᠨ ᠡᠬᠢᠯᠡᠭᠦᠯᠵᠦ᠂ ᠨᠡᠷᠡᠨ ᠭᠡᠷᠡᠯᠲᠦ ᠲᠠᠯ᠎ᠠ ᠨᠤᠲᠤᠭ · ᠳ᠋ᠠ ᠾᠧ ᠸᠠᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤᠯᠤᠰ ᠤᠨ 4A ᠲᠠᠰ ᠤᠨ ᠦᠵᠡᠮᠵᠢ ᠶᠢᠨ ᠣᠷᠣᠨ ᠢᠶᠠᠷ ᠵᠥᠪᠰᠢᠶᠡᠷᠡᠭᠳᠡᠵᠦ᠂ ᠲᠦᠮᠡᠨ ᠭᠠᠵᠠᠷ ᠤᠨ ᠴᠠᠶ ᠶᠢᠨ ᠵᠠᠮ · ᠵᠤᠨ ᠤ ᠠᠮᠠᠷᠠᠯᠲᠠ ᠶᠢᠨ ᠰᠣᠶᠣᠯ ᠵᠢᠭᠤᠯᠴᠢᠯᠠᠯ ᠤᠨ ᠤᠯᠠᠷᠢᠯ᠂ ᠠᠷᠠᠳ ᠲᠤ ᠠᠰᠢᠭ ᠬᠦᠷᠲᠡᠭᠡᠬᠦ ᠬᠡᠷ ᠪᠠᠶᠢᠰᠢᠩ ᠬᠤᠳᠠᠯᠳᠤᠨ ᠠᠪᠬᠤ ᠪᠠᠶᠠᠷ ᠵᠡᠷᠭᠡ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠬᠡᠷᠡᠭᠯᠡᠭᠡᠨ ᠤ ᠣᠷᠣᠯᠭ᠎ᠠ ᠶᠢ 6.8 ᠳ᠋ᠦᠩᠰᠢᠭᠤᠷ ᠲᠥᠭᠦᠷᠢᠭ ᠪᠡᠶᠡᠯᠡᠭᠦᠯᠪᠡ᠃    ᠨᠢᠭᠡ ᠵᠢᠯ ᠤᠨ ᠲᠤᠷᠰᠢ᠂ ᠪᠢᠳᠡ ᠪᠣᠳᠠᠲᠠᠢ ᠠᠵᠢᠯᠯᠠᠭᠰᠠᠳ ᠤᠨ ᠤᠶᠠᠨ ᠬᠠᠳᠠᠨ ᠴᠢᠨᠠᠷ ᠢᠶᠠᠷ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠳᠤᠮᠳᠠ ᠪᠦᠬᠦ ᠲᠠᠯ᠎ᠠ ᠪᠠᠷ ᠳᠡᠭᠡᠭᠰᠢᠯᠡᠭᠦᠯᠵᠡᠢ᠃ ᠶᠠᠰᠤ ᠴᠢᠨᠠᠷ ᠢ ᠳᠡᠭᠡᠭᠰᠢᠯᠡᠭᠦᠯᠦᠨ ᠬᠤᠳᠠ ᠶᠢᠨ ᠭᠤᠣᠯ ᠪᠠ ᠳᠡᠳ᠋ ᠵᠠᠮ ᠢ 15 ᠵᠤᠷᠪᠤᠰ ᠵᠠᠰᠠᠵᠤ᠂ ᠬᠤᠳᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠣᠷ ᠢ 39.4 ᠺᠢᠯᠣᠮᠧᠲᠷ ᠲᠠᠲᠠᠵᠤ᠂ ᠬᠤᠳᠠ ᠶᠢᠨ ᠤᠰᠤᠲᠤᠯ ᠤᠨ ᠴᠡᠭ ᠢ 3 ᠵᠠᠰᠠᠪᠠ᠃ ᠮᠠ ᠯᠢᠶᠠᠨ ᠲᠠᠨ ᠤ ᠤᠰᠤᠨ ᠰᠤᠷᠪᠤᠯᠵᠢ ᠶᠢᠨ ᠭᠠᠵᠠᠷ ᠲᠤ ᠤᠰᠤ ᠬᠠᠩᠭᠠᠬᠤ ᠨᠥᠬᠦᠴᠡᠯ ᠢ ᠪᠦᠷᠢᠳᠦᠭᠦᠯᠵᠦ᠂ ᠬᠤᠩ ᠬᠠᠶ ᠽᠢ ᠤᠰᠤᠨ ᠦᠢᠯᠡᠳᠪᠦᠷᠢ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠰᠢᠨ ᠬᠤᠸᠠ ᠵᠡᠭᠡᠯᠢ ᠶᠢᠨ ᠤᠰᠤᠨ ᠦᠢᠯᠡᠳᠪᠦᠷᠢ ᠶᠢ ᠲᠦᠷᠭᠡᠪᠴᠢᠯᠡᠨ ᠥᠭᠡᠷᠡᠴᠢᠯᠡᠪᠡ᠃ ᠶᠦᠩ ᠠᠨ᠂ ᠭᠤᠸᠠᠩ ᠮᠢᠩ᠂ ᠱᠧᠩ ᠵᠢᠶᠠ ᠶᠢᠩ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ ᠪᠠᠶᠢᠭᠤᠯᠵᠤ ᠳᠠᠭᠤᠰᠬᠠᠪᠠ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠴᠠᠬᠠᠷ ᠶᠡᠭᠡ ᠵᠡᠭᠡᠯᠢ᠂ ᠳᠥᠷᠪᠡᠳ ᠪᠠᠷᠠᠭᠤᠨ ᠵᠡᠭᠡᠯᠢ᠂  ᠨᠠᠷᠠᠰᠤᠨ ᠴᠡᠴᠡᠷᠯᠢᠭ᠂ ᠴᠢᠩ ᠰᠥᠩ ᠱᠠᠨ ᠴᠡᠴᠡᠷᠯᠢᠭ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ︽ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠡᠭᠡᠯᠢ︾ 10᠂ ︽ᠤᠶᠤᠨᠲᠤ ᠵᠡᠭᠡᠯᠢ ᠲᠣᠭᠤᠷᠢᠭ︾ 10᠂ ︽ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ︾᠎  10 ᠪᠠᠶᠢᠭᠤᠯᠵᠤ᠂ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠢ 14 ᠬᠦᠴᠦᠨ ᠥᠬᠡᠶ ᠪᠣᠯᠭᠠᠵᠤ᠂ 4.3 ᠲᠦᠮᠡᠨ ᠰᠦᠶᠳᠬᠡᠯ ᠬᠤᠷᠢᠶᠠᠬᠤ ᠥᠬᠡᠶ ᠲᠡᠷᠭᠡᠨ ᠵᠣᠭᠰᠣᠭᠠᠯ ᠢ ᠨᠡᠭᠡᠭᠡᠪᠡ ᠃ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠭᠦᠨᠵᠡᠭᠡᠶ ᠠᠬᠢᠭᠤᠯᠵᠤ᠂ 648 ᠰᠠᠭᠤᠭᠠᠯᠢ ᠠᠷᠠᠳ ᠤᠨ ᠲᠣᠭᠤᠷᠢᠭ ᠲᠤ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠶᠢ ᠪᠡᠶᠡᠯᠡᠭᠦᠯᠵᠦ᠂ ᠪᠦᠷᠬᠦᠴᠡ ᠶᠢᠨ ᠨᠣᠷᠮ᠎ᠠ ᠶᠢ 100%᠎ ᠳᠤ ᠬᠦᠷᠦᠭᠦᠯᠪᠡ ᠃ ᠰᠢᠯᠭᠠᠨ ᠦᠨᠡᠯᠡᠬᠦ ᠲᠦᠷᠢᠮ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠤ ᠪᠠᠷᠢᠮᠵᠢᠶ᠎ᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠪᠠᠷ ᠠᠬᠢᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ 564 ᠡᠷᠦᠬᠡ ᠳᠤ ᠥᠨᠳᠥᠷ ᠪᠠᠷᠢᠮᠵᠢᠶ᠎ᠠ ᠪᠠᠷ ᠥᠭᠡᠷᠡᠴᠢᠯᠡᠵᠦ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾᠎  14 ᠵᠤᠷᠪᠤᠰ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠵᠦ᠂ ᠳ᠋ᠠ ᠾᠧ ᠸᠠᠨ ᠵᠡᠷᠭᠡ 6 ᠰᠣᠳᠣᠨ ᠵᠢᠱᠢᠶ᠎ᠡ ᠦᠵᠡᠭᠦᠯᠬᠦ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠳᠡᠭᠡ ᠲᠣᠰᠬᠤᠨ ᠤ ᠣᠷᠴᠢᠨ ᠨᠥᠬᠦᠴᠡᠯ ᠢ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠭᠠᠪᠠ᠃      ᠨᠢᠭᠡ ᠵᠢᠯ ᠤᠨ ᠲᠤᠷᠰᠢ᠂ ᠪᠢᠳᠡ ᠦᠢᠯᠡᠳᠦᠯᠭᠡᠵᠢᠭᠦᠯᠦᠭᠴᠢ ᠶᠢᠨ ᠪᠠᠲᠤ ᠰᠠᠬᠢᠬᠤ ᠪᠠᠷ ᠬᠠᠮᠠᠭᠠᠯᠠᠯᠲᠠ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠥᠨᠳᠥᠷ ᠪᠦᠲᠦᠮᠵᠢᠲᠡᠢ ᠵᠠᠰᠠᠯᠲᠠ ᠶᠢᠨ ᠳᠤᠮᠳᠠ ᠢᠯᠡᠳᠲᠡ ᠰᠠᠶᠢᠵᠢᠷᠠᠪᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠲᠤᠰᠢᠶᠠᠨ ᠰᠢᠶᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠢᠯᠭᠠᠷᠠᠭᠤᠯᠤᠨ ᠲᠢᠭᠯᠡᠵᠦ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠶᠳᠪᠦᠷᠢᠯᠡᠭᠰᠡᠨ ᠨᠢ ᠵᠢᠷᠤᠮᠵᠢᠭᠤᠨ ᠪᠤᠰᠤ ᠠᠰᠠᠭᠤᠳᠠᠯ ᠢ ᠬᠠᠷᠢᠭᠤ ᠲᠤᠰᠬᠠᠭᠰᠠᠨ ᠲᠡᠷᠡ ᠳᠠᠷᠤᠶ ᠳᠤᠨᠢ  ᠴᠡᠭᠴᠡᠯᠡᠵᠦ ᠂  ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ᠂ ᠢᠳᠡᠭᠡᠨ ᠤᠮᠳᠠᠭᠠᠨ ᠤ ᠲᠣᠰᠣᠨ ᠣᠲᠤᠭ᠎ᠠ ᠵᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ 5100 ᠲᠣᠨ ᠴᠡᠪᠡᠷ ᠨᠡᠭᠦᠷᠡᠰᠦ ᠲᠠᠷᠬᠠᠭᠠᠵᠤ᠂ 132 ᠢᠳᠡᠭᠡᠨ ᠤᠮᠳᠠᠭᠠᠨ ᠤ ᠲᠣᠰᠣᠨ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠶᠢ ᠥᠭᠡᠷᠡᠴᠢᠯᠡᠨ ᠵᠠᠰᠠᠵᠤ᠂ ᠲᠥᠪ ᠬᠤᠲᠠ ᠶᠢᠨ ᠲᠣᠭᠤᠷᠢᠭ ᠤᠨ 3000 ᠰᠢᠬᠠᠮ ᠡᠷᠦᠬᠡ ᠰᠠᠭᠤᠭᠠᠯᠢ ᠠᠷᠠᠳ ᠲᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠴᠡᠪᠡᠷ ᠡᠨᠧᠷᠭᠢ ᠪᠠᠷ ᠳᠤᠯᠠᠭᠠᠯᠠᠬᠤ ᠶᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 350 ᠡᠳᠦᠷ ᠲᠤ ᠬᠦᠷᠦᠭᠦᠯᠵᠦ᠂ ᠡᠪᠦᠯ ᠤᠨ ᠤᠯᠠᠷᠢᠯ ᠤᠨ ᠣᠯᠧᠮᠫᠢᠺ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠧᠮᠫᠢᠺ ᠶᠢᠨ ᠴᠤᠭᠯᠠᠭᠠᠨ ᠬᠤᠲᠠ ᠶᠢᠨ ᠠᠭᠠᠷ ᠤᠨ ᠶᠠᠰᠤ ᠴᠢᠨᠠᠷ ᠢ ᠪᠠᠲᠤᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠭᠤᠣᠯ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠤᠨ ᠵᠠᠮ ᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂  ᠨᠠᠷᠠᠰᠤᠨ ᠭᠤᠣᠯ᠂ ᠨᠢᠳᠠᠨ ᠭᠤᠣᠯ ᠤᠨ 30 ᠭᠠᠷᠤᠶ ᠲᠤᠨ ᠬᠤᠭ ᠨᠣᠪᠰᠢ ᠶᠢ ᠴᠡᠪᠡᠷᠯᠡᠪᠡ᠃ ᠤᠰᠤ ᠠᠷᠪᠢᠯᠠᠬᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠳ ᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠴᠢᠩᠭ᠎ᠠ ᠬᠡᠷᠡᠭᠵᠢᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠲᠤ ᠠᠯᠤᠰ ᠠᠴᠠ ᠬᠡᠮᠵᠢᠬᠦ ᠪᠡᠯᠡᠳᠬᠡᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠳᠤ  ᠬᠦᠷᠦᠭᠰᠡᠨ ᠨᠠᠷᠢᠯᠢᠭ ᠣᠶᠢᠵᠢᠭᠤᠯᠤᠭᠰᠠᠨ ᠡᠪᠡᠰᠦ ᠪᠡᠯᠴᠢᠭᠡᠷ ᠤᠨ ᠤᠷᠭᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠨ ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠲᠤᠰᠬᠠᠶ ᠴᠡᠭᠴᠡᠯᠡᠨ ᠵᠠᠰᠠᠯᠲᠠ ᠶᠢ ᠴᠢᠨᠠᠷ ᠰᠠᠶᠢᠲᠠᠶ ᠪᠡᠶᠡᠯᠡᠭᠦᠯᠵᠦ᠂ ᠡᠵᠡᠨ ᠥᠬᠡᠶ ᠭᠠᠵᠠᠷ ᠤᠨ ᠤᠷᠭᠤᠮᠠᠯ ᠤᠨ ᠬᠤᠴᠢᠯᠭ᠎ᠠ ᠶᠢ 45.28 ᠾᠧᠺᠲ᠋ᠠᠷ ᠰᠡᠷᠭᠦᠭᠡᠵᠦ᠂ 5000 ᠮᠥ ᠴᠢᠨᠠᠷ ᠮᠠᠭᠤᠲᠠᠶ ᠦᠷ᠎ᠡ ᠠᠰᠢᠭ ᠢᠶᠠᠷ ᠳᠣᠤᠷ᠎ᠠ ᠣᠶ ᠰᠢᠭᠤᠶ ᠶᠢ ᠥᠭᠡᠷᠡᠴᠢᠯᠡᠬᠦ ᠪᠠ 4800 ᠮᠥ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠢᠨᠵᠧᠨᠧᠷᠢᠩ ᠢ  ᠪᠡᠶᠡᠯᠡᠭᠦᠯᠵᠡᠢ᠃ ᠲᠠᠷᠢᠶᠠᠯᠠᠩ ᠤᠨ ᠪᠦᠷᠬᠦᠪᠴᠢ ᠶᠢ ᠴᠡᠪᠡᠷᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠪᠤᠴᠠᠭᠠᠨ ᠬᠤᠷᠢᠶᠠᠬᠤ ᠨᠣᠷᠮ᠎ᠠ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠤᠷᠤᠵᠠᠢ᠃     ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠭᠴᠢ ᠶᠢᠨ ᠰᠥᠰᠥ ᠵᠣᠷᠢᠭ ᠢᠶᠠᠷ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠨᠢ ᠬᠥᠳᠡᠯᠭᠡᠭᠴᠢ ᠡᠨᠧᠷᠭᠢ ᠶᠢ ᠲᠥᠪᠯᠡᠷᠡᠭᠦᠯᠬᠦ ᠳᠤᠮᠳᠠ ᠥᠷᠢᠰᠥᠯᠳᠦᠨ ᠪᠠᠳᠠᠷᠠᠪᠠ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ 80 ᠵᠦᠶᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ 891 ᠵᠦᠶᠯ ᠤᠨ ᠬᠢᠨᠠᠨ ᠵᠥᠪᠰᠢᠶᠡᠷᠡᠬᠦ ᠵᠦᠶᠯᠡᠰ ᠢ ︽ᠨᠢᠭᠡ ᠴᠣᠩᠬᠤ ᠪᠠᠷ ᠭᠥᠯᠢᠶᠡᠨ ᠠᠪᠴᠤ ᠰᠢᠶᠳᠪᠦᠷᠢᠯᠡᠬᠦ︾᠎ ᠶᠢ ᠪᠡᠶᠡᠯᠡᠭᠦᠯᠵᠦ᠂ 489 ᠵᠦᠶᠯ ᠤᠨ ᠲᠢᠩᠬᠢᠮ ᠳᠤ ᠰᠠᠭᠤᠭ᠎ᠠ ᠵᠦᠶᠯᠡᠰ ᠢ ︽ᠨᠢᠭᠡ ᠰᠦᠯᠵᠢᠶ᠎ᠡ ᠪᠠᠷ ᠪᠦᠬᠦᠨ ᠢ ᠰᠢᠶᠳᠪᠦᠷᠢᠯᠡᠬᠦ︾᠎ ᠶᠢ ᠪᠡᠶᠡᠯᠡᠭᠦᠯᠪᠡ ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠥᠭᠡᠷᠡᠴᠢᠯᠡᠯᠲᠡ ᠶᠢ ᠬᠡᠷᠡᠭᠵᠢᠭᠦᠯᠬᠦ ᠱᠠᠲᠤᠨ ᠳᠤ ᠣᠷᠣᠪᠠ ᠃ ︽ᠲᠠᠪᠤ ᠶᠢ ᠬᠠᠰᠤᠵᠤ ᠨᠢᠭᠡ ᠶᠢ ᠰᠢᠯᠢᠳᠡᠭᠵᠢᠭᠦᠯᠬᠦ︾ ᠠᠵᠢᠯ ᠢ ᠭᠦᠨᠵᠡᠭᠡᠶ ᠥᠷᠨᠢᠭᠦᠯᠵᠦ᠂ ᠮᠡᠳᠡᠭᠦᠯᠬᠦ ᠮᠠᠲ᠋ᠧᠷᠢᠶᠠᠯ᠂ ᠰᠢᠶᠳᠪᠦᠷᠢᠯᠡᠬᠦ ᠭᠤᠭᠴᠤᠭ᠎ᠠ᠂ ᠰᠢᠶᠳᠪᠦᠷᠢᠯᠡᠬᠦ ᠴᠠᠭ ᠤᠨ ᠬᠢᠵᠠᠭᠠᠷ ᠢ ᠳᠤᠮᠳᠠᠴᠢ ᠪᠠᠷ 37%᠎ ᠪᠠᠷ ᠪᠠᠭᠠᠰᠬᠠᠪᠠ ᠃ ᠭᠤᠷᠪᠠᠨ ᠱᠠᠲᠤᠨ ᠤ ᠪᠠᠷᠢᠮᠵᠢᠶᠠᠵᠢᠭᠤᠯᠤᠭᠰᠠᠨ ᠶᠡᠭᠡ ᠲᠢᠩᠬᠢᠮ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ  ᠠᠬᠢᠭᠤᠯᠵᠤ᠂ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ ᠃ ︽  ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾᠎ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠡᠷᠡᠭᠦᠯ ᠮᠡᠨᠳᠦ ᠶᠢᠨ ᠦᠨᠡᠮᠯᠡᠯ᠂ ︽ᠰᠢᠨ᠎ᠡ ᠰᠣᠷᠣᠭᠴᠢ ᠰᠤᠷᠭᠠᠭᠤᠯᠢ ᠳᠤ ᠣᠷᠣᠬᠤ︾ ᠵᠡᠷᠭᠡ 5 ᠵᠦᠶᠯ ᠤᠨ ᠰᠣᠳᠣᠨ ᠪᠦᠲᠦᠭᠡᠯ ᠤᠨ ᠨᠢᠭᠡ ᠶᠠᠪᠤᠳᠠᠯ ᠢ ︽ᠠᠯᠠᠭᠠᠨ ᠳᠡᠭᠡᠷ᠎ᠡ ᠠᠴᠠ ᠭᠦᠶᠴᠡᠳᠬᠡᠬᠦ︾᠎ ᠶᠢ ᠪᠡᠶᠡᠯᠡᠭᠦᠯᠵᠦ᠂ 786 ᠵᠦᠶᠯ ᠤᠨ ᠤᠴᠢᠷ ᠶᠠᠪᠤᠳᠠᠯ ᠢ ᠠᠯᠠᠭᠠᠨ ᠳᠡᠭᠡᠷ᠎ᠡ ᠠᠴᠠ ᠪᠠᠶᠢᠴᠠᠭᠠᠨ ᠯᠠᠪᠯᠠᠵᠤ ᠭᠦᠶᠴᠡᠳᠬᠡᠬᠦ ᠶᠢ ᠪᠡᠶᠡᠯᠡᠭᠦᠯᠪᠡ ᠃ ︽ᠥᠪᠡᠰᠦᠪᠡᠨ ᠡᠷᠭᠢᠯᠡᠬᠦ︾ ᠪᠠ ︽ᠮᠤᠵᠢ ᠠᠯᠤᠰᠯᠠᠨ ᠡᠷᠭᠢᠯᠡᠬᠦ︾ ᠲᠤᠬᠠᠶᠢᠯᠠᠭᠰᠠᠨ ᠠᠵᠢᠯ ᠲᠠᠢ ᠪᠦᠲᠦᠮᠵᠢᠲᠡᠶ ᠤᠶᠠᠯᠳᠤᠭᠤᠯᠤᠨ᠂ ᠥᠨᠳᠥᠷ ᠳᠠᠪᠲᠠᠮᠵᠢᠲᠤ ᠵᠦᠶᠯᠡᠰ ᠢ ᠮᠤᠵᠢ ᠠᠯᠤᠰᠯᠠᠨ ᠨᠡᠶᠢᠳᠡᠮ ᠭᠦᠶᠴᠡᠳᠬᠡᠬᠦ ᠶᠢ ᠤᠷᠢᠳᠠᠪᠠᠷ ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ  ᠠᠬᠢᠭᠤᠯᠵᠤ᠂ ᠤᠯᠤᠰ ᠤᠨ ᠥᠮᠴᠢᠯᠡᠯ ᠤᠨ 9 ᠠᠵᠤ ᠠᠬᠤᠶᠢᠯᠠᠯ ᠢ 6 ᠪᠣᠯᠭᠠᠨ ᠡᠮᠬᠢᠯᠡᠨ ᠨᠡᠶᠢᠯᠡᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠶᠢ  ᠪᠦᠬᠦ ᠬᠤᠳᠠᠯᠳᠤᠭᠠᠨ ᠎ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 4389 ᠡᠷᠦᠬᠡ ᠰᠢᠨ᠎ᠡ ᠪᠠᠷ ᠨᠡᠮᠡᠭᠳᠡᠭᠦᠯᠪᠡ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠵᠢᠯ ᠳᠤ ᠡᠯ᠎ᠡ ᠲᠦᠷᠦᠯ ᠤᠨ ᠭᠠᠶᠢᠯᠢ ᠰᠦᠢᠳᠬᠡᠯ ᠢ 14.4 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃   ᠨᠢᠭᠡ ᠵᠢᠯ ᠤᠨ ᠲᠤᠷᠰᠢ᠂ ᠪᠢᠳᠡ ᠦᠢᠯᠡᠴᠢᠯᠡᠭᠴᠢ ᠶᠢᠨ ᠰᠡᠳᠬᠢᠯᠭᠡ ᠪᠠᠷ ᠠᠷᠠᠳ ᠤᠨ ᠠᠮᠢᠳᠤᠷᠠᠯ ᠳᠤ ᠲᠦᠭᠡᠮᠡᠯ ᠠᠰᠢᠭ ᠬᠦᠷᠲᠡᠭᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠳᠤᠮᠳᠠ ᠦᠷᠭᠦᠯᠵᠢᠯᠡᠨ ᠨᠡᠮᠡᠭᠳᠡᠭᠦᠯᠪᠡ᠃ ᠠᠷᠠᠳ ᠤᠨ ᠠᠮᠢᠳᠤᠷᠠᠯ ᠤᠨ 8 ᠵᠦᠢᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ 14434 ᠲᠥᠭᠦᠷᠢᠭ ᠪᠣᠯᠲᠠᠯ᠎ᠠ ᠳᠡᠭᠡᠭᠰᠢᠯᠡᠭᠦᠯᠵᠦ᠂ 12.6%᠎ ᠪᠠᠷ ᠨᠡᠮᠡᠭᠳᠡᠭᠦᠯᠦᠨ᠎ᠡ᠃ ᠬᠤᠳᠠ ᠪᠠᠯᠭᠠᠰᠤᠨ ᠤ 3623 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5%᠎ ᠶᠢᠨ ᠳᠣᠲᠣᠷ᠎ᠠ ᠬᠢᠵᠠᠭᠠᠷᠯᠠᠪᠠ᠃ ᠨᠠᠰᠤᠵᠢᠯ ᠤᠨ ᠦᠨᠳᠦᠰᠦᠨ ᠠᠰᠠᠷᠠᠮᠵᠢ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠶᠣᠰᠣᠲᠠᠶ ᠶᠢ ᠨᠢ ᠴᠥᠮ ᠣᠷᠣᠯᠴᠠᠭᠤᠯᠬᠤ ᠬᠡᠷᠡᠭᠲᠡᠶ᠃ ᠠᠰᠠᠷᠠᠨ ᠬᠠᠷᠠᠭᠠᠯᠵᠠᠬᠤ ᠡᠲᠡᠭᠡᠳ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠲᠤ ᠣᠯᠭᠤᠬᠤ ᠨᠥᠬᠦᠪᠥᠷᠢ ᠶᠢ ᠦᠷᠭᠦᠯᠵᠢᠯᠡᠨ ᠳᠡᠭᠡᠭᠰᠢᠯᠡᠭᠦᠯᠪᠡ᠃ 77 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ 37 ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠶᠠᠳᠤᠭᠠᠷ ᠤᠳᠠᠭᠠᠨ ᠤ ᠬᠤᠭᠤᠯᠠᠶ ᠶᠢᠨ ᠲᠣᠣᠷ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠨᠡᠶᠢᠳᠡ 11.03 ᠲᠦᠮᠡᠨ ᠢᠵᠢ ︽ᠦᠨᠡᠮᠯᠡᠯ ᠠᠪᠬᠤ ᠳᠤ ᠬᠦᠴᠢᠷᠲᠡᠶ︾᠂ 10035 ᠡᠷᠤᠭᠡ ᠶᠢᠨ ︽ᠪᠤᠴᠠᠵᠤ ᠨᠡᠭᠦᠬᠦ ᠳᠤ ᠬᠦᠴᠢᠷᠲᠡᠶ︾᠂ 3225 ᠢᠵᠢ ᠣᠷᠣᠵᠤ ᠰᠠᠭᠤᠬᠤ ᠳᠤ ᠬᠦᠴᠢᠷᠲᠡᠶ ᠶᠢᠨ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠪᠡ᠃ ᠶᠢᠰᠦᠳᠦᠭᠡᠷ ᠬᠡᠦᠬᠡᠳ ᠤᠨ ᠴᠡᠴᠡᠷᠯᠢᠭ᠂  ᠸᠧᠨ ᠰᠢᠨ ᠯᠢ ᠶᠤᠸᠠᠨ ᠬᠡᠦᠬᠡᠳ ᠤᠨ ᠴᠡᠴᠡᠷᠯᠢᠭ᠂ ᠲᠢᠶᠠᠨ ᠯᠢ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ ᠶᠢ ᠰᠢᠨ᠎ᠡ ᠪᠠᠷ ᠪᠠᠶᠢᠭᠤᠯᠵᠤ᠂ 6 ᠪᠦᠯᠦᠭᠯᠡᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠵᠤ ᠂ ᠵᠢᠩᠬᠢᠨᠢ ᠠᠩᠭᠢ ᠠᠴᠠ ᠳᠡᠭᠡᠭᠰᠢᠬᠢ 183 ᠰᠤᠷᠤᠭᠴᠢ ᠶᠢ ᠢᠯᠡ ᠪᠠᠷ ᠤᠷᠢᠵᠤ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠣᠴᠢᠭᠤᠯᠵᠤ᠂ ᠰᠤᠷᠭᠠᠭᠤᠯᠢ ᠰᠣᠩᠭᠤᠬᠤ ᠪᠠ ᠪᠠᠭᠰᠢ ᠰᠣᠩᠭᠤᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠢᠭᠡᠳ ᠪᠡᠭᠡᠵᠢᠩ ᠤᠨ ᠴᠠᠩ ᠴᠦᠨ ᠲᠧᠩ ᠡᠮᠨᠡᠯᠭᠡ ᠶᠢᠨ ᠤᠬᠠᠭᠠᠨ ᠤ ᠬᠤᠯᠪᠣᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢ 26 ᠪᠠᠶᠢᠭᠤᠯᠵᠤ᠂ 426 ᠡᠮᠨᠡᠯᠭᠡ ᠶᠢᠨ ᠠᠵᠢᠯᠲᠠᠨ ᠢ ᠨᠥᠬᠦᠪᠥᠷᠢᠯᠡᠵᠦ᠂ ᠡᠮᠴᠢᠯᠡᠭᠡᠨ ᠤ ᠦᠶᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠨᠡᠭᠡᠭᠡᠨ ᠠᠰᠢᠭᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠶᠣᠤ ᠰᠢ ᠶᠢᠨ ᠱᠢ ᠳᠧᠦ ᠹᠠᠩ ᠬᠤᠪᠢᠰᠬᠠᠯ ᠤᠨ ᠪᠠᠭᠤᠷᠢ ᠶᠢ ᠵᠠᠰᠠᠨ ᠰᠡᠷᠭᠦᠭᠡᠬᠦ ᠠᠵᠢᠯ ᠢ ᠤᠷᠤᠭᠰᠢᠲᠠᠢ ᠠᠬᠢᠭᠤᠯᠪᠠ ᠃ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠲᠣᠭᠯᠠᠯᠲᠠ ᠶᠢ 100 ᠭᠠᠷᠤᠶ ᠲᠠᠯᠠᠪᠠᠶ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠪᠢ ᠪᠣᠯ ᠤᠮᠠᠷᠠᠲᠤ ᠬᠢᠯᠢ ᠶᠢᠨ ᠬᠤᠲᠠ ᠬᠠᠮᠠᠭᠠᠯᠠᠬᠤ ᠭᠤᠤᠯ︾ ︽ᠲᠠᠯ᠎ᠠ ᠨᠤᠲᠤᠭ ᠤᠨ ᠡᠮᠡᠭᠲᠡᠶ ᠡᠷᠦᠬᠡ ᠶᠢᠨ ᠴᠡᠷᠢᠭ︾ ᠵᠡᠷᠭᠡ ᠣᠯᠠᠨ ᠤᠷᠠᠨ ᠰᠠᠶᠢᠬᠠᠨ ᠤ ᠪᠦᠲᠦᠭᠡᠯ ᠥᠪᠡᠷᠲᠡᠭᠡᠨ ᠵᠠᠰᠠᠬᠤ ᠣᠷᠣᠨ ᠤ ᠲᠠᠰ ᠤᠨ ᠱᠠᠩᠨᠠᠯ ᠢ ᠢᠷᠠᠭᠤ ᠠᠯᠳᠠᠷᠲᠠᠶ ᠪᠠᠷ ᠭᠥᠷᠳᠡᠪᠡ᠃    ᠨᠢᠭᠡ ᠵᠢᠯ ᠤᠨ ᠲᠤᠷᠰᠢ᠂ ᠪᠢᠳᠡ ᠰᠠᠬᠢᠨ ᠬᠠᠮᠠᠭᠠᠯᠠᠭᠴᠢ ᠶᠢᠨ ᠬᠠᠷᠢᠭᠤᠴᠠᠯᠭ᠎ᠠ ᠪᠠᠷ ᠲᠣᠭᠲᠠᠭᠤᠨ ᠢ ᠬᠠᠮᠠᠭᠠᠯᠠᠬᠤ ᠶᠢ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠳᠤᠮᠳᠠ ᠲᠠᠰᠤᠷᠠᠯᠳᠡ ᠦᠭᠡᠢ ᠪᠠᠬᠢᠵᠢᠭᠦᠯᠪᠡ᠃ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠬᠤᠷᠢᠳᠤᠭᠠᠷ ᠶᠡᠭᠡ ᠬᠤᠷᠠᠯ ᠢ ᠤᠭᠲᠤᠬᠤ︾ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠵᠤᠨ ᠤ ᠤᠯᠠᠷᠢᠯ ᠤᠨ ᠠᠮᠤᠷ ᠲᠦᠪᠰᠢᠨ ᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾᠎ ᠶᠢ ᠭᠦᠨᠵᠡᠭᠡᠢ ᠥᠷᠨᠢᠭᠦᠯᠵᠦ᠂ ᠡᠷᠡᠭᠦᠦ ᠶᠢᠨ ᠬᠡᠷᠡᠭ᠂ ᠠᠮᠤᠷ ᠲᠦᠪᠰᠢᠨ ᠤ ᠬᠡᠷᠡᠭ ᠤᠨ ᠡᠭᠦᠰᠬᠦ ᠨᠤᠷᠮ᠎ᠠ ᠶᠢ ᠲᠤᠰ ᠲᠤᠰ 65% ᠪᠠ 33%᠎ ᠢᠶᠠᠷ ᠪᠠᠭᠤᠷᠠᠭᠤᠯᠪᠠ ᠃ ᠴᠠᠬᠢᠯᠭᠠᠨ ᠬᠤᠯᠪᠣᠭ᠎ᠠ ᠰᠦᠯᠵᠢᠶ᠎ᠡ᠂ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠠᠬᠢ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠨᠠᠷᠢᠯᠢᠭ ᠣᠨᠣᠴᠠᠲᠠᠶ ᠪᠠᠷ ᠴᠢᠩᠭ᠎ᠠ ᠴᠣᠬᠢᠯᠲᠠ ᠥᠭᠴᠦ᠂ 2.5 ᠳ᠋ᠦᠩᠰᠢᠭᠤᠷ ᠲᠥᠭᠦᠷᠢᠭ ᠤᠨ ᠠᠵᠤ ᠠᠬᠤᠶ ᠶᠢᠨ ᠰᠢᠭᠤᠳ ᠬᠤᠬᠢᠷᠠᠯ ᠢ ᠡᠭᠡᠭᠦᠯᠦᠨ ᠠᠪᠴᠢᠷᠠᠪᠠ᠃ ᠵᠠᠬᠢᠳᠠᠯ ᠰᠤᠷᠪᠤᠯᠵᠢᠯᠠᠭ᠎ᠠ ᠶᠢᠨ ᠲᠤᠰᠬᠠᠶ ᠵᠦᠢᠯ ᠤᠨ ᠪᠡᠷᠬᠡ ᠰᠡᠳᠦᠪ ᠢ ᠰᠢᠶᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠲᠦᠮᠵᠢᠲᠡᠶ ᠰᠢᠶᠳᠪᠦᠷᠢᠯᠡᠪᠡ᠃ 10.43 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠪᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠪᠠᠷ ᠲᠡᠭᠦᠰᠪᠡ᠃ ᠤᠯᠤᠰ ᠤᠨ ᠢᠳᠡᠭᠡᠨ ᠤ ᠠᠶᠤᠯᠭᠦᠶ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠭᠦᠨᠵᠡᠭᠡᠶ  ᠦᠷᠨᠢᠭᠦᠯᠪᠡ᠃ ᠦᠨᠳᠦᠰᠦᠲᠡᠨ  ᠪᠠ ᠱᠠᠰᠢᠨ ᠰᠤᠷᠲᠠᠬᠤᠨ ᠤ ᠲᠤᠬᠠᠶ ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠬᠦ ᠶᠢ ᠦᠨᠡᠨ ᠬᠦ  ᠠᠬᠢᠭᠤᠯᠵᠠᠢ᠃ᠡᠭᠦᠨ ᠤ ᠵᠡᠷᠭᠡᠴᠡᠭᠡᠪᠡᠷ᠂ ᠪᠢᠳᠡ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ  ᠨᠠᠶᠢᠳᠠᠪᠤᠷᠢᠵᠢᠭᠤᠯᠵᠤ᠂  ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠪᠦᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾᠎ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠪᠠ᠃ ᠨᠠᠮ ᠤᠨ ᠲᠥᠪ  ᠬᠤᠷᠢᠶ᠎ᠠ ᠵᠢᠴᠢ ᠡᠯ᠎ᠡ ᠱᠠᠲᠤᠨ ᠤ ᠨᠠᠮ ᠤᠨ  ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ  ᠭᠤᠶᠢᠪᠢᠰᠢ ᠦᠭᠡᠢ ᠪᠠᠷ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠯ ᠢᠶᠠᠷ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ︽ᠲᠠᠪᠤᠨ ᠦᠨᠳᠦᠰᠦᠨ ᠵᠦᠶᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ 131 ᠠᠰᠠᠭᠤᠳᠠᠯ ᠢ ᠰᠢᠶᠳᠪᠦᠷᠢᠯᠡᠵᠦ᠂ 202 ᠾᠧᠺᠲ᠋ᠠᠷ ᠭᠠᠵᠠᠷ ᠰᠢᠷᠣᠶ ᠶᠢ ᠰᠢᠩᠭᠡᠭᠡᠵᠦ᠂ 3314 ᠲᠦᠮᠡᠨ ᠲᠥᠭᠦᠷᠢᠭ ᠤᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠢᠯᠭᠠᠷᠠᠭᠤᠯᠤᠨ ᠲᠤᠰᠢᠶᠠᠵᠠᠶ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ  ᠲᠤᠭᠤᠰᠢᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠦᠨᠡᠨᠴᠢ ᠪᠠᠷ ᠦᠢᠯᠡᠳᠦᠯᠭᠡᠵᠢᠭᠦᠯᠪᠡ᠃ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ  ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠳᠠ ᠶᠢᠨ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ᠂ 12345 ᠤᠲᠠᠰᠤ ᠵᠢᠴᠢ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠬᠦᠰᠡᠯ ᠱᠠᠭᠠᠷᠳᠠᠯᠭ᠎ᠠ ᠳ᠋ᠤᠡᠯ᠎ᠡ ᠲᠤᠯᠠ ᠠᠷᠠᠳᠴᠢᠯᠠᠭᠰᠠᠨ ᠨᠠᠮ ᠪᠦᠯᠦᠭ᠂ ᠠᠵᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠡᠯ᠎ᠡ ᠲᠥᠷᠥᠯ ᠤᠨ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ᠂ ᠵᠠᠭᠤᠴᠢᠯᠠᠭᠤᠷ ᠤᠨ ᠨᠡᠶᠢᠯᠡᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠤᠭ᠎ᠠ ᠪᠦᠷᠢᠳᠬᠡᠯ᠂ ᠴᠠᠭ ᠠᠭᠤᠷ᠂ ᠠᠮᠤ ᠪᠤᠳᠠᠭ᠎ᠠ᠂ ᠲᠠᠩᠰᠠ ᠡᠪᠬᠡᠮᠡᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠡᠪᠯᠡᠯ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ ᠤ ᠦᠶᠯᠡᠰ ᠵᠡᠷᠭᠡ ᠠᠵᠢᠯ ᠦᠶᠯᠡᠰ ᠲᠠᠰᠤᠷᠠᠯᠲᠠ ᠥᠬᠡᠶ ᠰᠢᠨ᠎ᠡ ᠳᠠᠪᠰᠢᠯᠲᠠ ᠲᠠᠢ ᠪᠣᠯᠪᠠ᠃     ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠬᠦᠴᠢᠷᠳᠡᠯ ᠨᠢ ᠵᠢᠱᠢᠭᠰᠡᠨ ᠠᠴᠠ ᠤᠯᠠᠨ᠂ ᠥᠷᠢᠰᠥᠯᠳᠦᠭᠡᠨ ᠨᠢ ᠵᠢᠱᠢᠭᠰᠡᠨ ᠠᠴᠠ ᠶᠡᠭᠡ ᠪᠠᠶᠢᠪᠠ᠂ ᠪᠢᠳᠡ ᠠᠵᠤ ᠠᠬᠤᠢ ᠪᠠᠭᠤᠷᠠᠬᠤ ᠳᠠᠷᠤᠯᠲᠠ ᠶᠢ ᠲᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠰᠠᠭᠤᠷᠢ ᠲᠠᠯᠪᠢᠬᠤ᠂ ᠠᠯᠤᠰ ᠬᠡᠳᠤ ᠳᠤ ᠠᠰᠢᠭᠲᠠᠢ ᠨᠢᠭᠡ ᠪᠦᠯᠦᠭ ᠶᠡᠭᠡ ᠶᠠᠪᠤᠳᠠᠯ ᠢ ᠪᠦᠲᠦᠭᠡᠵᠦ᠂ ᠲᠣᠭᠲᠠᠭᠤᠨ ᠢᠶᠠᠷ ᠨᠡᠮᠡᠭᠳᠡᠭᠦᠯᠬᠦ᠂ ᠬᠥᠭᠵᠢᠯᠲᠡ ᠶᠢ ᠠᠬᠢᠭᠤᠯᠬᠤ ᠨᠢᠭᠡ ᠪᠦᠯᠦᠭ ᠪᠣᠳᠠᠲᠤ ᠶᠠᠪᠤᠳᠠᠯ ᠢ ᠪᠦᠲᠦᠭᠡᠵᠦ᠂ ᠠᠷᠠᠳ ᠤᠨ ᠰᠠᠨᠠᠭᠠᠨ ᠳᠤ ᠨᠡᠶᠢᠴᠡᠭᠰᠡᠨ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠨᠢᠭᠡ ᠪᠦᠯᠦᠭ ᠰᠠᠶᠢᠨ ᠶᠠᠪᠤᠳᠠᠯ ᠢ ᠪᠦᠲᠦᠭᠡᠵᠡᠢ᠃ ᠢᠯᠠᠩᠭᠤᠶ᠎ᠠ ᠭᠡᠨᠡᠳᠲᠡ ᠡᠭᠦᠰᠦᠭᠰᠡᠨ ᠶᠡᠷᠦ ᠪᠤᠰᠤ ᠶᠢᠨ ᠬᠦᠨᠳᠦ ᠬᠡᠴᠡᠭᠦᠦ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ 3 ᠲᠦᠮᠡ ᠰᠢᠬᠠᠮ ᠨᠠᠮ ᠤᠨ ᠭᠡᠰᠢᠭᠦᠨ ᠺᠠᠳ᠋ᠷ᠂ ᠡᠮᠨᠡᠯᠭᠡ ᠶᠢᠨ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠳᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ ᠬᠢᠵᠢᠭ ᠤᠨ ᠵᠦᠭ ᠡᠳᠦᠷ ᠰᠥᠨᠢ ᠦᠭᠡᠢ ᠴᠢᠷᠮᠠᠶᠢᠨ ᠠᠵᠢᠯᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠪᠣᠯᠤᠨ᠎ᠠ᠂ ᠳᠡᠭᠡᠳᠦ ᠱᠠᠲᠤᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ  ᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠪᠣᠯᠤᠨ᠎ᠠ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠪᠣᠯᠤᠨ᠎ᠠ᠂ ᠨᠡᠩ ᠴᠤ ᠪᠦᠬᠦ  ᠲᠤᠭᠤᠷᠢᠭ ᠤᠨ  ᠥᠷᠭᠡᠨ ᠤᠯᠠᠨ ᠺᠠᠳ᠋ᠷ ᠤᠯᠠᠨ ᠲᠦᠮᠡᠨ ᠤ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠤᠨ᠎ᠠ᠃ ᠡ᠊ᠨᠳᠡ ᠪᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ  ᠲᠤᠭᠤᠷᠢᠭ ᠤᠨ ᠪᠦᠬᠦ  ᠠᠷᠠᠳ ᠲᠦᠮᠡᠨ᠂ ᠵᠠᠰᠠᠭ ᠤᠨ ᠣᠷᠳᠣᠨ ᠤ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠵᠢᠨᠢᠩ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ᠂ ᠲᠡᠭᠦᠨ ᠳᠤ ᠣᠷᠣᠯᠴᠠᠭᠰᠠᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠠᠶᠢᠪᠤᠩ ᠪᠠᠶᠢᠵᠤ ᠴᠢᠳᠠᠨ᠎ᠠ᠂ ᠬᠦᠴᠢᠷ ᠵᠣᠪᠠᠭᠤᠷᠢ ᠶᠢ ᠮᠡᠳᠡᠪᠡᠯ ᠰᠠᠶ᠋ᠢ ᠬᠦᠴᠢᠷ ᠪᠡᠷᠬᠡᠰᠢᠶᠡᠯ ᠢ ᠢᠯᠠᠨ ᠳᠠᠪᠠᠵᠤ ᠴᠢᠳᠠᠨ᠎ᠠ᠃ ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ᠂ ᠣᠳᠣᠬᠠᠨ ᠤ ᠪᠦᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠠᠰᠠᠭᠤᠳᠠᠯ ᠪᠠ ᠥᠷᠢᠰᠥᠯᠳᠦᠭᠡᠨ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠤᠯᠪᠠ᠃ ᠨᠢᠭᠡ ᠳᠤ ᠳᠣᠲᠣᠭᠠᠳᠤ ᠭᠠᠳᠠᠭᠠᠳᠤ ᠣᠷᠴᠢᠨ ᠨᠥᠬᠦᠴᠡᠯ ᠪᠠ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠤ᠂ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ ᠲᠣᠭᠲᠠᠭᠤᠨ ᠢᠶᠠᠷ ᠨᠡᠮᠡᠭᠳᠡᠭᠦᠯᠬᠦ ᠶᠠᠪᠤᠳᠠᠯ ᠮᠥᠨ ᠯᠡ ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ ᠃ ᠬᠤᠶᠠᠷ ᠲᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠡᠭᠡ ᠪᠢᠰᠢ᠂ ᠠᠵᠤ ᠦᠢᠯᠡᠰ ᠤᠨ ᠥᠷᠢᠰᠥᠯᠳᠦᠬᠦ ᠬᠦᠴᠦᠨ ᠴᠢᠩᠭ᠎ᠠ ᠪᠢᠰᠢ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠨᠡᠯᠢᠶᠡᠳ ᠪᠠᠭᠤᠷᠠᠶ ᠪᠠᠶᠢᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ ᠃ ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠢᠮ᠎ᠠ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠶᠳᠪᠦᠷᠢᠯᠡᠬᠦ ᠡᠭᠦᠷᠭᠡ ᠪᠡᠷᠬᠡ ᠬᠠᠲᠠᠭᠤᠵᠢᠯᠲᠠᠶ ᠪᠠᠶᠢᠵᠤ᠂ ᠬᠥᠭᠵᠢᠯᠲᠡ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠬᠦ ᠡᠳ᠋ ᠤᠨ ᠬᠦᠴᠦᠨ ᠰᠢᠭᠤᠳ ᠨᠥᠯᠥᠭᠡᠯᠡᠭᠳᠡᠪᠡ ᠃ ᠲᠦᠷᠪᠡ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠦᠢᠯᠡᠰ ᠵᠡᠷᠭᠡ ᠬᠦᠷᠢᠶᠡᠨ ᠳᠤ ᠥᠷᠢ ᠰᠢᠷᠢ ᠤᠯᠠᠠ ᠪᠠᠶᠢᠵᠤ᠂ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ ᠃ ᠲᠠᠪᠤ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠬᠦ ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠲᠡᠢ ᠠᠷᠭ᠎ᠠ ᠬᠡᠮᠵᠢ᠊ ᠡᠶ᠎ᠡ ᠠᠪᠴᠤ ᠪᠠᠶᠢᠭᠠᠳ ᠨᠠᠷᠢᠨ ᠬᠢᠨᠠᠮᠠᠭᠠᠢ ᠰᠢᠢᠳᠪᠦᠷᠢᠯᠡᠨ᠎ᠡ᠃ᠬᠤᠶᠠᠷ᠂ 2023 ᠣᠨ ᠤ ᠭᠤᠣᠯ ᠠᠵᠢᠯ   ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠬᠤ ᠳᠤ᠂ ᠪᠢᠳᠡ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠰᠢᠨ᠎ᠡ ᠪᠠᠶᠢᠷᠢ ᠲᠣᠭᠲᠠᠭᠠᠯᠲᠠ ᠶᠢ ᠤᠯᠠᠮ ᠴᠢᠨᠠᠭᠰᠢᠳᠠ ᠬᠠᠷᠭᠤᠭᠤᠯᠵᠤ᠂ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠵᠤ᠂ ᠨᠡᠩ ᠴᠤᠭ ᠪᠠᠳᠠᠷᠠᠩᠭᠤᠢ ᠣᠮᠤᠭ ᠰᠦᠷ ᠢᠶᠠᠷ ᠡᠯ᠎ᠡ ᠵᠦᠢᠯ ᠤᠨ ᠦᠢᠯᠡᠰ ᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠶ᠎ᠠ︕ ︵ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 15᠎ ᠤ ᠴᠠᠬᠢᠯᠭᠠᠨ ᠮᠡᠳᠡᠭᠡ ᠠᠴᠠ︶ᠲᠤᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ  ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠬᠡᠪᠡᠷ ᠬᠥᠪᠴᠢᠯᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠣᠪᠤᠶᠢᠮ᠎ᠠ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ︽ᠳᠥᠷᠪᠡᠨ ᠶᠡᠭᠡ ᠲᠤᠰᠬᠠᠶ ᠵᠦᠶᠯ ᠤᠨ ᠣᠨ︾᠎ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠲᠠᠪᠤᠨ ᠶᠡᠭᠡ ᠠᠵᠤ ᠦᠶᠯᠡᠰ᠂ ᠳᠥᠷᠪᠡᠨ ᠲᠥᠪ᠂ ᠭᠤᠷᠪᠠᠨ ᠬᠦᠴᠦᠷᠬᠡᠭ ᠣᠷᠣᠨ︾᠎ ᠢ ᠪᠥᠲᠥᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠪᠡᠶᠡᠯᠡᠭᠦᠯᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠵᠢᠨᠢᠩ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠨ᠎ᠠ᠃     ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 6.0% ᠣᠷᠴᠢᠮ ᠢᠶᠠᠷ ᠨᠡᠮᠡᠭᠳᠡᠭᠦᠯᠦᠨ᠎ᠡ ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 7.0% ᠣᠷᠴᠢᠮ ᠨᠡᠮᠡᠭᠳᠡᠭᠦᠯᠦᠨ᠎ᠡ ᠃ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 15.0% ᠣᠷᠴᠢᠮ ᠨᠡᠮᠡᠭᠳᠡᠭᠦᠯᠦᠨ᠎ᠡ ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 5.0% ᠣᠷᠴᠢᠮ ᠨᠡᠮᠡᠭᠳᠡᠭᠦᠯᠦᠨ᠎ᠡ ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6.0% ᠪᠠ 8.0% ᠣᠷᠴᠢᠮ ᠨᠡᠮᠡᠭᠳᠡᠭᠦᠯᠦᠨ᠎ᠡ᠃ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠢᠳᠡ ᠳᠣᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄     ︵ᠨᠢᠭᠡ︶ ᠪᠦᠲᠦᠴᠡ ᠶᠢ ᠲᠣᠬᠢᠷᠠᠭᠤᠯᠬᠤ᠂ ᠡᠨᠧᠷᠭᠢ ᠶᠢ ᠡᠷᠭᠢᠯᠳᠦᠭᠦᠯᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠬᠠᠭᠤᠴᠢᠨ ᠢ ᠲᠣᠬᠢᠷᠠᠭᠤᠯᠵᠤ ᠰᠢᠨ᠎ᠡ ᠶᠢ ᠪᠤᠶᠢᠵᠢᠭᠤᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠦᠷ᠎ᠡ ᠠᠰᠢᠭ ᠢ ᠲᠡᠷᠢᠭᠦᠨ ᠳᠤ ᠲᠠᠯᠪᠢᠬᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ︽ᠲᠠᠪᠤᠨ ᠶᠡᠭᠡ ᠡᠬᠢᠯᠡᠯᠲᠡ ᠲᠠᠢ ᠪᠣᠯᠭᠠᠬᠤ︾ ᠠᠵᠢᠯᠯᠠᠭ᠎ᠠ ᠶᠢ ᠪᠥᠬᠦ ᠬᠦᠴᠦᠨ ᠢᠶᠠᠷ ᠠᠬᠢᠭᠤᠯᠵᠤ᠂ ᠰᠤᠯᠠ ᠪᠠᠶᠢᠭ᠎ᠠ ᠡᠳ᠋ ᠬᠥᠷᠥᠩᠭᠡ᠂ ᠡᠬᠢ ᠪᠠᠶᠠᠯᠢᠭ ᠪᠠ ᠪᠠᠯᠠ ᠮᠥᠩᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠠᠮᠢᠳᠤᠯᠢᠭ ᠪᠣᠯᠭᠠᠵᠤ᠂ ᠨᠠᠩ ᠣᠯᠠᠨ ᠬᠦᠴᠦᠨ ᠵᠦᠶᠯ ᠤᠨ ᠭᠦᠶᠴᠡᠳᠬᠡᠯ ᠲᠤᠭ᠎ᠠ ᠶᠢ ᠰᠤᠯᠠᠯᠠᠨ ᠭᠠᠷᠭᠠᠵᠤ᠂ ᠴᠢᠨᠠᠷ ᠰᠠᠶᠢᠲᠠᠶ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠥᠷᠢᠯᠡᠵᠦ ᠬᠡᠯᠬᠢᠶᠡᠵᠢᠯ ᠢ ᠬᠦᠴᠦᠷᠬᠡᠭᠵᠢᠭᠦᠯᠦᠨ ᠬᠡᠯᠬᠢᠶᠡᠵᠢᠯ ᠢ ᠪᠠᠶᠢᠭᠤᠯᠬᠤ ᠲᠥᠷᠥᠯ ᠵᠦᠶᠯ ᠢ ᠣᠷᠣᠭᠤᠯᠤᠨ ᠠᠪᠴᠢᠷᠠᠵᠤ᠂ ᠪᠣᠳᠠᠲᠤ ᠴᠣᠭᠴᠠ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠯᠠᠪᠳᠠᠭᠤᠨ ᠪᠠᠲᠤᠲᠠᠶ  ᠠᠬᠢᠭᠤᠯᠤᠨ᠎ᠠ᠃ ᠲᠣᠭᠠᠴᠢᠯᠠᠭᠰᠠᠨ ᠠᠵᠤ ᠠᠬᠤᠶ ᠶᠢᠨ ᠬᠦᠴᠦᠷᠬᠡᠭ ᠣᠷᠣᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠦᠬᠦ ᠤᠯᠤᠰ ᠤᠨ ᠨᠢᠭᠡ ᠴᠤᠭᠴᠠᠵᠢᠭᠰᠠᠨ ᠪᠤᠳᠤᠯᠭ᠎ᠠ ᠶᠢᠨ ᠬᠦᠴᠦᠨ ᠤ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠠ ᠲᠤᠭ᠎ᠠ ᠪᠠᠷᠢᠮᠲᠠ ᠶᠢᠨ ᠠᠵᠤ ᠠᠬᠤᠶᠢᠯᠠᠯ ᠤᠨ ᠦᠢᠯᠡᠴᠢᠯᠡᠭᠦᠷ ᠢ ᠲᠠᠯᠪᠢᠭᠤᠷ ᠲᠤ ᠭᠠᠷᠭᠠᠬᠤ ᠨᠣᠷᠮ᠎ᠠ ᠶᠢ ᠪᠦᠬᠦ ᠲᠤᠭ᠎ᠠ ᠪᠠᠷᠢᠮᠲᠠ ᠶᠢᠨ ᠠᠵᠢᠯᠯᠠᠭᠤᠯᠵᠤ ᠪᠠᠲᠤᠯᠠᠬᠤ ᠵᠠᠳᠠᠯᠤᠯᠲᠠ᠂ ᠡᠯᠧᠺᠲᠷᠣᠨ ᠦᠢᠯᠡᠳᠬᠦᠨ ᠦᠢᠯᠡᠳᠬᠦ ᠵᠡᠷᠭᠡ ᠲᠣᠮᠣ ᠲᠤᠭ᠎ᠠ ᠪᠠᠷᠢᠮᠲᠠ ᠶᠢᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠦᠢᠯᠡᠴᠢᠯᠡᠭᠦᠷ ᠤᠨ ᠦᠢᠯᠡᠳᠪᠦᠷᠢᠯᠡᠯ᠂ ᠲᠠᠰᠤᠷᠠᠭ᠎ᠠ ᠦᠭᠡᠢ ᠴᠠᠬᠢᠯᠭᠠᠨ ᠡᠭᠦᠰᠭᠡᠭᠴᠢ ᠦᠢᠯᠡᠳᠬᠦ ᠵᠡᠷᠭᠡ ᠲᠦᠷᠦᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠬᠤ ᠶᠢ ᠭᠤᠣᠯᠳᠠᠯᠭ᠎ᠠ ᠲᠠᠢ ᠠᠬᠢᠭᠤᠯᠵᠤ᠂ ᠣᠷᠣᠨ ᠬᠡᠰᠡᠭ ᠤᠨ ᠬᠡᠯᠬᠢᠶ᠎ᠡ᠂ ᠡᠭᠦᠯᠡᠨ ᠪᠤᠳᠤᠯᠳᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠪᠠᠶᠢᠭᠤᠯᠤᠮᠵᠢ ᠶᠢᠨ ᠰᠦᠯᠵᠢᠶᠡᠨ ᠳᠡᠭᠡᠷᠡᠬᠢ ᠦᠢᠯᠡᠴᠢᠯᠡᠭᠡ ᠬᠠᠩᠭᠠᠬᠤ ᠶᠢ ᠳᠡᠮᠵᠢᠵᠦ᠂ ᠲᠣᠭᠠᠴᠢᠯᠠᠭᠰᠠᠨ ᠵᠠᠰᠠᠭ ᠤᠨ ᠣᠷᠳᠣᠨ ᠪᠠ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠡᠷᠡᠭᠯᠡᠭᠡᠵᠢᠭᠰᠡᠨ᠂ ᠦᠢᠯᠡᠴᠢᠯᠡᠭᠡᠵᠢᠭᠰᠡᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠳᠡᠭᠡᠳᠦ ᠳᠡᠰ ᠤᠨ ᠹᠯᠣᠷ ᠤᠨ ᠬᠢᠮᠢ ᠶᠢᠨ ᠠᠵᠤ ᠦᠢᠯᠡᠳᠪᠦᠷᠢ᠂ ᠡᠯᠧᠺᠲᠷᠣᠨ ᠲᠣᠨᠤᠭ ᠰᠡᠯᠪᠢᠭᠡᠰᠦ᠂ ᠡᠨᠧᠷᠭᠢ ᠬᠠᠳᠠᠭᠠᠯᠠᠬᠤ ᠳ᠋ᠢᠶᠠᠨ ‍ᠤᠤᠢ ᠦᠢᠯᠡᠳᠬᠦ ᠭᠤᠷᠪᠠᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠᠷ ᠬᠠᠷᠠᠯᠲᠠ ᠪᠣᠯᠭᠠᠵᠤ᠂ ᠳ᠋ᠦᠩ ᠶᠠᠩ ᠭᠤᠸᠠᠩ  ᠬᠤᠸᠠ ᠴᠸᠡᠭ ᠪᠦᠸᠧ᠂ ᠨᠠᠨ ᠳ᠋ᠠ ᠬᠡᠷᠡᠯ ᠴᠠᠬᠢᠯᠭᠠᠨ ᠤ ᠭᠤᠷᠪᠠᠨ ᠹᠯᠣᠷᠲᠤ ᠠᠽᠣᠲ ᠤᠨ ᠪᠠᠯᠠ ᠮᠥᠩᠭᠦ ᠪᠠᠨ ᠨᠡᠮᠡᠭᠳᠡᠭᠦᠯᠦᠨ ᠦᠶᠯᠡᠳᠪᠦᠷᠢᠯᠡᠯ ᠢᠶᠠᠨ ᠥᠷᠭᠡᠳᠬᠡᠬᠦ ᠶᠢ ᠳᠡᠮᠵᠢᠵᠦ᠂ ᠵᠢᠩ ᠨᠢᠩ ᠬᠤᠶᠠᠳᠤᠭᠠᠷ ᠬᠤᠭᠤᠴᠠᠭ᠎ᠠ᠂ ᠬᠠᠶ ᠯᠢ ᠴᠠᠬᠢᠯᠭᠠᠨ ᠪᠠᠭᠲᠠᠭᠠᠭᠴᠢ᠂ ᠶᠢᠨ ᠱᠦᠸᠧ ᠬᠤᠸᠠᠨ ᠵᠢᠩ ᠂ ᠰᠢᠶᠠᠩ ᠲᠠᠢ  ᠬᠤᠸᠠᠨ ᠪᠤᠤ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠳ᠋ᠦᠩ ᠶᠠᠩ ᠭᠤᠸᠠᠩ 4000 ᠲᠦᠮᠡᠨ ᠲᠡᠭᠰᠢ ᠳᠥᠷᠪᠡᠯᠵᠢᠨ ᠮᠧᠲᠷ ᠤᠨ ᠣᠪᠣᠭᠠᠷᠠᠭᠰᠠᠨ ᠴᠠᠭᠠᠰᠤ᠂ ᠨᠠᠨ ᠳ᠋ᠠ ᠬᠡᠷᠡᠯ ᠴᠠᠬᠢᠯᠭᠠᠨ ᠤ 500 ᠲᠣᠨ ᠵᠢᠷᠭᠤᠭᠠᠨ ᠹᠯᠣᠷᠲᠤ ᠸᠣᠯᠹᠷᠠᠮ᠂ ᠰᠠᠨ ᠰᠢᠨ 5 ᠲᠦᠮᠡᠨ ᠲᠣᠨ ᠪᠢᠯᠢᠭ ᠲᠦᠢᠯ ᠤᠨ ᠮᠠᠲ᠋ᠧᠷᠢᠶᠠᠯ᠂ ᠬᠤᠩ ᠴᠤᠤ 3GW ᠬᠠᠲᠠᠭᠤ ᠲᠦᠯᠦᠪᠲᠦ ᠯᠢᠲ᠋ᠢ ᠴᠠᠬᠢᠯᠭᠠᠨ ᠴᠡᠨᠡᠭ ᠵᠡᠷᠭᠡ ᠲᠥᠷᠥᠯ ᠵᠦᠶᠯ ᠤᠨ ᠪᠥᠬᠦ ᠲᠠᠯ᠎ᠠ ᠪᠠᠷ ᠠᠵᠢᠯ ᠡᠬᠢᠯᠡᠭᠦᠯᠬᠦ ᠶᠢ ᠠᠬᠢᠭᠤᠯᠤᠨ᠎ᠠ ᠃ ᠮᠠᠨ ᠤ ᠬᠤᠲᠠ ᠶᠢᠨ ᠥᠩᠭᠡ ᠦᠵᠡᠮᠵᠢ ᠶᠢᠨ ᠴᠠᠬᠢᠯᠭᠠᠨ ᠤ ᠡᠬᠢ ᠪᠠᠶᠠᠯᠢᠭ ᠤᠨ ᠭᠦᠶᠴᠡᠳ ᠳᠠᠪᠠᠭᠤᠯᠢᠭ ᠲᠤ ᠲᠦᠰᠢᠭᠯᠡᠨ᠂ ᠨᠢᠭᠡ ᠪᠦᠯᠦᠭ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ᠂ ᠳᠡᠭᠡᠳᠦ ᠲᠠᠰ ᠤᠨ ᠬᠡᠷᠡᠯ ᠴᠡᠨᠡᠭ ᠤᠨ ᠲᠣᠨᠤᠭ ᠲᠥᠬᠦᠭᠡᠷᠦᠮᠵᠢ᠂ ᠡᠨᠧᠷᠭᠢ ᠬᠠᠳᠠᠭᠠᠯᠠᠬᠤ ᠳ᠋ᠢᠶᠠᠨ ᡂᠢ ᠵᠡᠷᠭᠡ ᠦᠶᠯᠡᠳᠬᠦ ᠲᠥᠷᠥᠯ ᠵᠦᠶᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠬᠡᠪᠴᠢᠶᠡᠵᠢᠭᠰᠡᠨ᠂ ᠬᠡᠯᠬᠢᠶᠡᠵᠢᠭᠰᠡᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠣᠷᠣᠨ ᠪᠦᠰᠡ ᠶᠢᠨ ᠴᠢᠨᠠᠷᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠵᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠬᠤ ᠪᠠᠷ ᠬᠠᠷᠠᠯᠲᠠ ᠪᠣᠯᠭᠠᠵᠤ᠂  ᠯᠠᠨ ᠭᠧ ᠭᠧ᠂ ᠳ᠋ᠦᠩ ᠯᠠᠶ ᠱᠦᠨ᠂ ᠯᠣᠣ ᠮᠠ ᠯᠠᠯᠤ ᠶᠢᠨ ᠠᠵᠤ ᠠᠬᠤᠶᠢᠯᠠᠯ ᠤᠨ ᠨᠡᠷᠡᠲᠦ ᠲᠡᠮᠳᠡᠭ ᠢ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠣᠯᠣᠳᠤᠭᠠᠷ ᠰᠤᠮᠤᠨ ᠤ ᠭᠤᠯᠢᠷ᠂ ᠱᠤᠸᠠᠩ ᠾᠦᠢ ᠢᠳᠡᠭᠡᠨ ᠵᠡᠷᠭᠡ ᠲᠥᠷᠥᠯ ᠵᠦᠶᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ  ᠠᠬᠢᠭᠤᠯᠵᠤ᠂ ᠡᠷᠬᠢᠨ ᠲᠣᠭᠤᠷᠢᠨ ᠤ ︽ᠪᠤᠭᠤᠳᠠᠢ ᠨᠣᠭᠤᠭ᠎ᠠ ᠲᠥᠮᠥᠰᠥ᠂ ᠦᠬᠡᠷ ᠢᠮᠠᠭᠠᠨ ᠮᠢᠬ᠎ᠠ  ᠰᠦ︾ ᠵᠡᠷᠭᠡ ᠳᠠᠪᠠᠭᠤᠯᠢᠭ ᠲᠠᠷᠢᠶᠠᠯᠠᠩ ᠤᠨ ᠣᠨᠴᠠ ᠭᠠᠷᠤᠯᠲᠠ ᠶᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠨᠢᠭᠡ ᠪᠦᠯᠦᠭ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠮᠠᠨ ᠤ ᠲᠤᠭᠤᠷᠢᠭ ᠲᠤ ᠲᠥᠪᠯᠡᠷᠡᠭᠦᠯᠦᠨ  ᠲᠠᠷᠬᠠᠭᠠᠬᠤ᠂ ᠪᠣᠭᠤᠳᠠᠯᠯᠠᠵᠤ ᠡᠳ᠋ᠰᠢᠭᠦᠯᠬᠦ ᠠᠵᠢᠯ ᠢ ᠬᠥᠲᠥᠯᠦᠨ ᠵᠢᠯᠣᠭᠤᠳᠴᠤ᠂ ᠪᠡᠭᠡᠵᠢᠩ  ᠬᠥᠬᠡᠬᠤᠲᠠ ᠳᠤ ᠪᠣᠷᠣᠯᠠᠭᠤᠯᠬᠤ ᠵᠠᠮ ᠢ ᠨᠡᠪᠲᠡᠷᠡᠭᠦᠯᠵᠦ᠂ ᠪᠠᠷᠢᠮᠵᠢᠶᠠᠵᠢᠭᠰᠠᠨ᠂ ᠨᠠᠷᠠᠲᠤ ᠲᠡᠮᠳᠡᠭᠴᠢᠯᠡᠭᠰᠡᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠶᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠡᠮ ᠡᠮᠨᠡᠯᠭᠡ ᠡᠮᠨᠡᠯᠭᠡ ᠭᠤᠸ᠎ᠠ ᠰᠠᠶᠢᠬᠠᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠹᠦ᠋ ᠷᠦᠢ ᠡᠮ ᠦᠢᠯᠡᠳᠬᠦ᠂ ᠷᠧᠨ ᠽᠤ᠋ ᠡᠮ ᠤᠨ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ ᠹᠦ᠋ ᠷᠦᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠢᠩ ᠢᠦᠢ  ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠭᠡᠨ ᠠᠵᠢᠯ ᠡᠬᠢᠯᠡᠭᠦᠯᠬᠦ ᠶᠢ ᠠᠬᠢᠭᠤᠯᠵᠤ᠂ ᠴᠠᠪᠠᠤᠯᠢᠭ ᠤᠭᠤᠷᠠᠭ ᠢ ᠰᠤᠳᠤᠯᠤᠨ ᠨᠡᠭᠡᠭᠡᠵᠦ ᠭᠠᠷᠭᠠᠨ ᠠᠪᠬᠤ᠂ ᠡᠮ ᠡᠮᠨᠡᠯᠭᠡ ᠶᠢᠨ ᠵᠢᠰᠦ ᠭᠤᠶᠣᠯᠠᠬᠤ ᠦᠢᠯᠡᠳᠬᠦᠨ ᠢ ᠦᠢᠯᠡᠳᠪᠦᠷᠢᠯᠡᠵᠦ ᠦᠢᠯᠡᠳᠦᠭᠰᠡᠨ ᠴᠠᠪᠠᠤᠯᠢᠭ ᠤᠭᠤᠷᠠᠭ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢᠨ ᠢ ᠬᠦᠴᠦᠯᠡᠨ ᠪᠠᠶᠢᠭᠤᠯᠵᠤ᠂ ᠤᠨᠴᠠᠯᠢᠬᠳᠤ ᠲᠦᠭᠦᠬᠡᠢ ᠮᠠᠲ᠋ᠧᠷᠢᠶᠠᠯ ᠤᠨ ᠡᠮ᠂ ᠡᠮ ᠡᠮᠨᠡᠯᠭᠡ ᠶᠢᠨ ᠵᠠᠪᠰᠠᠷ ᠤᠨ ᠴᠣᠭᠴᠠ᠂ ᠬᠢᠮᠢ ᠶᠢᠨ ᠡᠮ ᠤᠨ ᠨᠠᠶᠢᠷᠠᠯᠲᠠ ᠵᠡᠷᠭᠡ ᠪᠠᠷ ᠭᠤᠣᠯ ᠪᠣᠯᠭᠠᠭᠰᠠᠨ ᠠᠮᠢᠳᠤ ᠪᠣᠳᠠᠰ ᠤᠨ ᠡᠮ ᠦᠢᠯᠡᠳᠬᠦ ᠦᠢᠯᠡᠳᠪᠦᠷᠢᠯᠡᠯ ᠤᠨ ᠰᠠᠭᠤᠷᠢᠨ ᠢ ᠬᠦᠴᠦᠯᠡᠨ ᠪᠠᠶᠢᠭᠤᠯᠵᠤ᠂ ᠲᠤᠰᠬᠠᠶᠢᠵᠢᠭᠰᠠᠨ᠂ ᠳᠡᠭᠡᠳᠦ ᠲᠡᠰ ᠤᠨ ᠡᠮ ᠡᠮᠨᠡᠯᠭᠡ ᠶᠢᠨ ᠡᠮᠨᠡᠯᠭᠡ ᠭᠤᠸ᠎ᠠ ᠰᠠᠶᠢᠬᠠᠨ ᠤ ᠠᠵᠤ ᠦᠢᠯᠡᠰ ᠤᠨ ᠰᠢᠰᠲᠧᠮ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠣᠷᠣᠨ ᠪᠦᠰᠡ ᠶᠢᠨ ᠴᠢᠨᠠᠷᠲᠠᠶ ᠡᠳ᠋ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠪ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠨᠢᠭᠡ ᠪᠦᠰᠡ ᠨᠢᠭᠡ ᠵᠠᠮ︾᠎ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠵᠤ᠂ ᠤᠯᠠᠭᠠᠨᠴᠠᠪ · ᠡᠷᠢᠶᠡᠨ ᠬᠤᠲᠠ ᠶᠢᠨ ᠪᠣᠭᠤᠮᠲᠠ ᠶᠢᠨ ᠥᠷᠥᠴᠡ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠵᠡᠷᠭᠡ ᠲᠠᠪᠴᠠᠩ ᠳᠤ ᠰᠠᠭᠤᠷᠢᠯᠠᠨ᠂ ᠨᠢᠭᠡ ᠪᠦᠯᠦᠭ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ ᠭᠦᠨᠵᠡᠭᠡᠶ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠬᠥᠮᠥᠷᠭᠡᠯᠡᠨ ᠬᠠᠳᠠᠭᠠᠯᠠᠬᠤ᠂ ᠪᠣᠭᠤᠳᠠᠯᠯᠠᠬᠤ᠂ ᠡᠳ᠋ᠰᠢᠭᠦᠯᠬᠦ᠂ ᠡᠳ᠋ ᠪᠠᠷᠠᠭᠠᠨ ᠤ ᠭᠦᠶᠯᠭᠡᠭᠡ ᠵᠡᠷᠭᠡ ᠤᠷᠲᠤᠳᠬᠠᠭᠰᠠᠨ ᠠᠵᠤ ᠦᠶᠯᠡᠰ ᠢ ᠶᠡᠬᠡᠪᠡᠷ ᠬᠥᠭᠵᠢᠭᠦᠯᠵᠦ᠂ ︽ᠨᠡᠪᠲᠡᠷᠡᠬᠦ ᠵᠠᠮ ᠤᠨ ᠠᠵᠤ ᠠᠬᠤᠶ︾᠎ ᠶᠢ ︽ᠪᠣᠳᠠᠲᠠᠶᠢᠵᠢᠭᠤᠯᠤᠭᠰᠠᠨ ᠠᠵᠤ ᠠᠬᠤᠶ︾ ᠪᠣᠯᠭᠠᠨ ᠬᠤᠪᠢᠷᠠᠭᠤᠯᠤᠨ᠎ᠠ ᠃ ᠭᠠᠳᠠᠭᠠᠳᠤ ᠠᠷᠠᠯᠵᠢᠶ᠎ᠠ ᠶᠢᠨ ᠪᠠᠷᠠᠭᠠᠨ ᠤ ᠭᠦᠶᠯᠭᠡᠭᠡᠨ ᠤ ᠠᠵᠤ ᠠᠬᠤᠶᠢᠯᠠᠯ ᠤᠨ ᠣᠷᠣᠨ ᠪᠦᠰᠡ ᠶᠢᠨ ᠬᠤᠪᠢᠶᠠᠷᠢᠯᠠᠨ ᠰᠠᠯᠭᠠᠬᠤ ᠪᠠ ᠳᠣᠭᠢᠷᠠᠭᠤᠯᠤᠨ ᠬᠦᠷᠭᠡᠬᠦ ᠬᠤᠳᠠᠯᠳᠤᠨ ᠠᠪᠬᠤ ᠲᠥᠪ ᠪᠠᠶᠢᠭᠤᠯᠬᠤ ᠶᠢ ᠳᠡᠮᠵᠢᠵᠦ᠂ ᠤᠯᠤᠰ ᠤᠨ ᠳᠣᠲᠣᠭᠠᠳᠤ ᠶᠢᠨ ᠠᠮᠢᠳᠤᠷᠠᠯ ᠤᠨ ᠬᠡᠷᠡᠭᠰᠡᠯ᠂ ᠡᠯᠧᠺᠲᠷᠣᠨ ᠦᠶᠯᠡᠳᠬᠦᠨ ᠵᠡᠷᠭᠡ ᠶᠢ ᠮᠠᠨ ᠤ  ᠲᠤᠭᠤᠷᠢᠭ ᠲᠤ  ᠲᠥᠪᠯᠡᠷᠡᠭᠦᠯᠦᠨ ᠰᠢᠯᠵᠢᠭᠦᠯᠦᠨ ᠲᠡᠭᠡᠭᠡᠪᠦᠷᠢᠯᠡᠬᠦ᠂ ᠣᠷᠣᠰ ᠮᠣᠩᠭᠤᠯ ᠳᠤ ᠭᠠᠷᠭᠠᠬᠤ ᠶᠢ ᠳᠠᠶᠢᠴᠢᠯᠠᠨ ᠂ ︽ᠳᠣᠲᠣᠭᠠᠳᠤ ᠬᠠᠭᠤᠷᠠᠶ ᠶᠢᠨ ᠥᠷᠥᠴᠡ ᠭᠠᠵᠠᠷ︾᠎ ᠢ ︽ᠨᠡᠭᠡᠭᠡᠯᠲᠡ ᠶᠢᠨ ᠬᠤᠰᠢᠭᠤᠷᠠᠯ︾ ᠪᠣᠯᠭᠠᠨ ᠬᠤᠪᠢᠷᠠᠭᠤᠯᠵᠤ᠂ ᠪᠦᠯᠦᠭᠵᠢᠭᠰᠡᠨ᠂ ᠨᠢᠭᠡ ᠴᠤᠭᠴᠠᠵᠢᠭᠰᠠᠨ ᠪᠠᠷᠠᠭᠠᠨ ᠤ ᠭᠦᠶᠯᠭᠡᠭᠡᠨ ᠤ ᠠᠵᠤ ᠦᠶᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠣᠷᠣᠨ ᠪᠦᠰᠡ ᠶᠢᠨ ᠴᠢᠨᠠᠷᠲᠠᠶ ᠬᠡᠷᠡᠭᠯᠡᠭᠡᠨ ᠤ ᠲᠥᠪ ᠢ ᠪᠠᠶᠢᠭᠤᠯᠬᠤ ᠪᠠᠷ ᠬᠠᠷᠠᠯᠲᠠ ᠪᠣᠯᠭᠠᠨ᠂ ︽ᠬᠡᠷᠡᠭᠯᠡᠭᠡ ᠶᠢ ᠰᠡᠷᠭᠦᠭᠡᠬᠦ ᠣᠨ︾᠎ ᠤ ᠲᠤᠰᠬᠠᠶ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠡᠷᠡᠭᠯᠡᠭᠡ ᠶᠢᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠣᠷᠣᠨ ᠰᠠᠭᠤᠴᠠ ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠬᠡᠷᠡᠭᠯᠡᠭᠡ ᠶᠢᠨ ᠬᠡᠪ ᠤᠨ ᠪᠠᠶᠢᠳᠠᠯ ᠢ ᠰᠡᠷᠭᠦᠭᠡᠬᠦ ᠶᠢ ᠳᠡᠭᠡᠭᠰᠢᠯᠡᠭᠦᠯᠦᠨ᠎ᠡ ᠃ ᠸᠠᠨ ᠳ᠋ᠠ᠂ ᠦ᠋ ᠶᠤᠸᠠᠢ᠂  ᠸᠧᠢ   ᠳ᠋ᠦᠸᠧ  ᠯᠢ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠰᠢᠨ᠎ᠡ ᠨᠠᠷᠠᠲᠤ ᠲᠡᠮᠳᠡᠭ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠣᠯᠠᠨ ᠤᠯᠤᠰ ᠤᠨ ᠠᠷᠠᠰᠤ ᠰᠢᠷᠢ ᠶᠢᠨ ᠬᠤᠲᠠ᠂ ᠤᠣ ᠸᠧᠶ᠂ ᠦ᠋ ᠵᠧᠤ ᠵᠡᠷᠭᠡ ᠨᠢᠭᠡᠨᠲᠡ ᠪᠠᠶᠢᠭ᠎ᠠ ᠬᠤᠳᠠᠯᠳᠤᠭᠠᠨ ᠤ ᠲᠠᠯᠠᠪᠤᠷ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠬᠥᠲᠥᠯᠦᠨ ᠵᠢᠯᠣᠭᠤᠳᠴᠤ᠂ ᠴᠠᠬᠠᠷ ᠡᠷᠲᠡᠨ ᠤ ᠵᠡᠭᠡᠯᠢ᠂ ᠵᠢᠨᠢᠩ ᠵᠠᠮ ᠤᠨ ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠲᠦᠷᠭᠡᠳᠬᠡᠵᠦ᠂ ᠨᠢᠭᠡ ᠪᠦᠯᠦᠭ ᠤᠨᠴᠠᠯᠢᠭᠳᠤ ᠬᠤᠳᠠᠯᠳᠤᠭ᠎ᠠ᠂ ᠰᠣᠶᠣᠯ ᠤᠨ ᠰᠡᠯᠡᠭᠦᠴᠡᠯ᠂ ᠰᠥᠨᠢ ᠶᠢᠨ ᠠᠵᠤ ᠠᠬᠤᠶ ᠶᠢᠨ ᠲᠥᠪᠯᠡᠷᠡᠯ ᠤᠨ ᠣᠷᠣᠨ ᠢ ᠬᠦᠴᠦᠯᠡᠨ ᠪᠣᠶ ᠪᠣᠯᠭᠠᠨ᠎ᠠ ᠃ ᠡᠯᠧᠺᠲᠷᠣᠨ ᠬᠤᠳᠠᠯᠳᠤᠭ᠎ᠠ᠂ ᠪᠢᠴᠢᠯ ᠬᠤᠳᠠᠯᠳᠤᠭ᠎ᠠ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠪᠤᠶᠢᠵᠢᠭᠤᠯᠵᠤ᠂ ᠣᠷᠣᠨ ᠪᠦᠰᠡ ᠶᠢᠨ ᠬᠤᠳᠠᠯᠳᠤᠭᠠᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠶᠠᠰᠤ ᠴᠢᠨᠠᠷᠵᠢᠭᠰᠠᠨ᠂ ᠣᠨᠴᠠᠯᠢᠬᠵᠢᠭᠰᠠᠨ ᠠᠷᠠᠯᠵᠢᠶ᠎ᠠ ᠬᠤᠳᠠᠯᠳᠤᠭᠠᠨ ᠤ ᠦᠶᠯᠡᠴᠢᠯᠡᠭᠡᠨ ᠤ ᠠᠵᠤ ᠦᠶᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠣᠷᠣᠨ ᠪᠦᠰᠡ ᠶᠢᠨ ᠴᠢᠨᠠᠷᠲᠠᠶ ᠵᠤᠭᠠᠴᠠᠯ ᠤᠨ ᠡᠷᠡᠭᠦᠯᠵᠢᠯ ᠰᠤᠪᠢᠯᠠᠯᠲᠠ ᠶᠢᠨ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠵᠢᠨᠢᠩ ᠤᠨ ᠤᠯᠠᠭᠠᠨ ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠤᠨ 5A ᠳᠡᠰ ᠤᠨ ᠦᠵᠡᠮᠵᠢ ᠶᠢᠨ ᠣᠷᠣᠨ ᠢ ᠪᠠᠶᠢᠭᠤᠯᠬᠤ ᠶᠢ ᠲᠦᠷᠭᠡᠳᠬᠡᠵᠦ᠂ ᠵᠢᠨᠢᠩ ᠤᠨ ᠡᠮᠦᠨ᠎ᠡ ᠥᠷᠲᠡᠭᠡ ᠶᠢᠨ ᠺᠢᠨᠣ᠋ ᠲᠧᠯᠸᠢᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠡᠷᠡᠨ ᠭᠡᠷᠡᠯᠲᠦ ᠲᠠᠯ᠎ᠠ ᠨᠤᠲᠤᠭ · ᠠᠷᠠᠳ ᠤᠨ ᠣᠷᠣᠨ ᠰᠠᠭᠤᠴᠠ ᠶᠢᠨ ᠰᠠᠭᠤᠷᠢᠰᠢᠯ᠂ ᠵᠢᠨᠢᠩ ᠤᠨ ᠬᠤᠪᠢᠰᠬᠠᠯ ᠤᠨ ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ᠂ ᠶᠡᠭᠡ ᠭᠤᠤᠯ ᠤᠨ ᠪᠤᠯᠤᠩ ᠤᠨ ᠠᠮᠠᠷᠠᠯᠲᠠ ᠶᠢᠨ ᠣᠷᠣᠨ ᠵᠡᠷᠭᠡ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ ᠪᠠᠳᠠᠷᠠᠭᠤᠯᠤᠨ᠂ ᠬᠤᠪᠢᠰᠬᠠᠯ ᠤᠨ ᠰᠤᠳᠤᠯᠭᠠᠨ ᠤ ᠰᠤᠷᠤᠯᠴᠠᠯᠭ᠎ᠠ ᠶᠢᠨ ᠵᠢᠭᠤᠯᠴᠢᠯᠠᠯ᠂ ᠲᠠᠯ᠎ᠠ ᠨᠤᠲᠤᠭ ᠤᠨ ᠵᠠᠩ ᠠᠭᠠᠯᠢ ᠶᠢᠨ ᠵᠢᠭᠤᠯᠴᠢᠯᠠᠯ᠂ ᠠᠷᠠᠳ ᠤᠨ ᠣᠷᠣᠨ ᠰᠠᠭᠤᠴᠠ ᠶᠢᠨ ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠮᠥᠰᠥ ᠴᠠᠰᠤᠨ ᠤ ᠲᠠᠮᠢᠷ ᠤᠨ ᠵᠢᠭᠤᠯᠴᠢᠯᠠᠯ ᠵᠡᠷᠭᠡ ᠰᠣᠳᠣᠨ ᠵᠢᠭᠤᠯᠴᠢᠯᠠᠯ ᠤᠨ ᠪᠦᠲᠦᠭᠡᠭᠳᠡᠬᠦᠨ ᠢ ᠭᠠᠷᠭᠠᠵᠤ᠂ ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠣᠶ ᠪᠣᠯᠭᠠᠨ᠎ᠠ᠃ ᠲᠥᠪ ᠬᠤᠲᠠ ᠶᠢᠨ ᠲᠣᠭᠤᠷᠢᠭ ᠤᠨ ᠲᠥᠪᠯᠡᠷᠡᠭᠰᠡᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠡᠷᠬᠢᠨ ᠲᠣᠭᠤᠷᠢᠨ ᠤ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠢ ᠠᠰᠢᠭᠯᠠᠨ᠂ ︽ᠢᠳᠡᠵᠦ ᠤᠤᠭᠤᠬᠤ ᠬᠤᠨᠣᠵᠤ ᠬᠡᠪᠲᠡᠬᠦ᠂ ᠵᠤᠭᠠᠴᠠᠨ ᠬᠤᠳᠠᠯᠳᠤᠨ ᠠᠪᠬᠤ ᠵᠤᠭ᠎ᠠ ᠴᠡᠩᠭᠡᠯ︾ ᠵᠡᠷᠭᠡ ᠵᠢᠭᠤᠯᠴᠢᠯᠠᠯ ᠤᠨ ᠢᠵᠢ ᠪᠥᠷᠢᠳᠦᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠨᠠᠷᠲᠠᠶ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠢ ᠲᠦᠷᠭᠡᠳᠬᠡᠨ ᠪᠠᠶᠢᠭᠤᠯᠤᠨ᠎ᠠ ᠃ ︽ᠪᠡᠭᠡᠵᠢᠩ ᠤᠨ ᠲᠡᠭᠦᠷᠭᠡ ᠶᠢᠨ ᠲᠠᠯ᠎ᠠ ᠨᠤᠲᠤᠭ · ᠵᠤᠰᠠᠯᠠᠩ ᠤᠨ ᠬᠤᠲᠠ ︾᠎ ᠶᠢᠨ ᠨᠠᠷᠠᠲᠤ ᠲᠥᠷᠥᠯ ᠲᠡᠮᠳᠡᠭᠲᠦ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠤᠩ ᠬᠠᠶ ᠽᠢ ᠶᠢᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠪᠠ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ ᠡᠵᠡᠩᠨᠡᠬᠦ ᠶᠢ ᠠᠬᠢᠭᠤᠯᠵᠤ᠂ ᠨᠢᠭᠡ ᠪᠦᠯᠦᠭ ᠪᠡᠶ᠎ᠡ ᠶᠢᠨ ᠲᠠᠮᠢᠷ ᠤᠨ ᠡᠷᠡᠭᠦᠯᠵᠢᠯ ᠰᠤᠪᠢᠯᠠᠯᠲᠠ᠂ ᠡᠮᠴᠢᠯᠡᠭᠡ ᠡᠷᠡᠭᠦᠯᠵᠢᠯ ᠰᠤᠪᠢᠯᠠᠯᠲᠠ ᠵᠡᠷᠭᠡ ᠨᠢᠳᠤᠷᠭᠠᠨ ᠪᠦᠲᠦᠭᠡᠭᠳᠡᠬᠦᠨ ᠢ ᠬᠦᠴᠦᠯᠡᠨ ᠪᠤᠶᠢᠵᠢᠭᠤᠯᠵᠤ᠂ ᠣᠯᠠᠨ ᠡᠰᠢᠵᠢᠭᠰᠡᠨ᠂ ᠰᠣᠳᠣᠨ ᠰᠣᠶᠣᠯ ᠤᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠶᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃     ︵ᠬᠤᠶᠠᠷ︶ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠢ ᠬᠦᠴᠦᠷᠬᠡᠭᠵᠢᠭᠦᠯᠵᠦ᠂ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠤᠨ ᠴᠢᠨᠠᠷ ᠰᠠᠶᠢᠲᠠᠶ ᠪᠥᠭᠡᠳ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠤᠳᠤ ᠦᠶ᠎ᠡ ᠶᠢᠨ ᠤᠨᠴᠠᠯᠢᠭᠳᠤ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠎ᠠ᠃ ︽ᠰᠠᠭᠠᠯᠢ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠪᠠᠶ ᠬᠠᠶ ᠽᠢ ᠶᠢᠨ ᠴᠢᠨᠠᠷ ᠰᠠᠶᠢᠲᠠᠶ ᠰᠠᠭᠠᠯᠢ ᠶᠢᠨ ᠦᠨᠢᠶ᠎ᠡ ᠶᠢᠨ ᠠᠮᠢ ᠠᠬᠤᠶ ᠶᠢᠨ ᠦᠷᠡᠵᠢᠭᠦᠯᠦᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠮᠠ ᠯᠢᠶᠠᠨ ᠴᠢᠦᠶ ᠰᠢᠶᠠᠩ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠥᠷᠰᠢ ᠵᠡᠷᠭᠡᠯᠡᠳᠡᠭᠡ ᠬᠤᠲᠠ ᠶᠢᠨ ᠭᠠᠵᠠᠷ ᠣᠷᠣᠨ ᠤ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠠᠮᠢ ᠠᠬᠤᠶ ᠶᠢᠨ ᠲᠠᠷᠢᠶᠠᠯᠠᠩ ᠤᠨ ᠡᠷᠬᠢᠯᠳᠡᠳᠦ ᠪᠣᠰᠤᠭ᠎ᠠ ᠴᠣᠭᠴᠠᠲᠤ ᠠᠵᠤ ᠦᠶᠯᠡᠰ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠨᠢᠭᠡ ᠪᠦᠯᠦᠭ ᠲᠣᠭᠤᠷᠢᠨ ᠦᠵᠡᠵᠦ ᠲᠡᠭᠦᠬᠦ᠂ ᠲᠠᠷᠢᠶᠠᠯᠠᠬᠤ ᠶᠢ ᠪᠡᠶᠡᠴᠢᠯᠡᠨ ᠣᠶᠢᠯᠠᠭᠠᠬᠤ᠂ ᠲᠠᠷᠢᠶᠠᠯᠠᠩ ᠤᠨ ᠶᠠᠪᠤᠳᠠᠯ ᠢ ᠰᠤᠳᠤᠯᠤᠨ ᠰᠤᠳᠤᠯᠬᠤ ᠂ ᠰᠡᠯᠡᠭᠦᠴᠡᠨ ᠵᠢᠭᠤᠯᠴᠢᠯᠠᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠬᠤᠲᠠ ᠶᠢᠨ ᠲᠡᠭᠦᠷᠭᠡ ᠶᠢᠨ ᠮᠠᠶ᠋ᠢᠭ ᠤᠨ ᠤᠨᠴᠠᠯᠢᠭᠳᠤ ᠲᠠᠷᠢᠶᠠᠯᠠᠩ ᠤᠨ ᠲᠥᠷᠥᠯ ᠵᠦᠶᠯ ᠢ ᠲᠦᠷᠭᠡᠳᠬᠡᠨ ᠣᠷᠣᠭᠤᠯᠵᠤ᠂ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ ᠳᠠᠶᠢᠴᠢᠯᠠᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ᠂ ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ ᠤ ︽ᠭᠤᠷᠪᠠᠨ ᠲᠦᠭᠰᠢᠭᠦᠷᠢ ᠶᠢᠨ ᠴᠢᠬ︾᠎ ᠢ ᠴᠢᠩᠭ᠎ᠠ ᠠᠳᠬᠤᠨ᠂ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ︽ᠬᠤᠶᠠᠷ ᠭᠤᠭᠴᠤᠭ᠎ᠠ︾᠎ ᠶᠢ ᠴᠢᠩᠭ᠎ᠠ ᠠᠳᠬᠤᠵᠤ᠂ ᠨᠥᠬᠦᠴᠡᠯ ᠳᠤ ᠨᠡᠶᠢᠴᠡᠬᠦ ᠬᠢᠨᠠᠨ ᠬᠡᠮᠵᠢᠬᠦ ᠡᠷᠦᠬᠡ ᠶᠢᠨ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠶᠢᠨ ᠪᠠᠯᠠ ᠮᠥᠩᠭᠦ ᠶᠢ ᠵᠣᠯᠭᠠᠭᠤᠯᠬᠤ ᠪᠠᠷ ᠢᠳᠡᠪᠬᠢᠲᠡᠶ ᠴᠢᠷᠮᠠᠶᠢᠵᠤ᠂ ᠶᠠᠳᠠᠭᠤ ᠶᠢ ᠲᠡᠳᠬᠦᠬᠦ ᠲᠥᠷᠥᠯ ᠵᠦᠶᠯ ᠪᠠ ᠠᠵᠤ ᠦᠶᠯᠡᠰ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠤᠨ᠂ 3400 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ 5 ᠲᠥᠷᠥᠯ ᠵᠦᠶᠯ ᠢ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢ ᠳᠡᠭᠡᠷ᠎ᠡ ᠵᠢᠯ ᠤᠨ ᠬᠢ ᠠᠴᠠ 8% ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠦᠨ᠎ᠡ᠃ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠥᠬᠦᠬᠦᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠨᠠᠷᠠᠰᠤᠨ ᠲᠣᠰᠬᠤᠨ ᠤ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠪᠡᠶᠡᠯᠡᠭᠦᠯᠵᠦ᠂ 160 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ 8 ᠵᠤᠷᠪᠤᠰ 41  ᠺᠢᠯᠤᠮᠧᠲᠷ ᠵᠠᠰᠠᠮᠠᠯ ᠵᠠᠮ ᠢ ᠲᠡᠰ ᠳᠡᠪᠰᠢᠭᠦᠯᠵᠦ᠂ ᠵᠢᠷᠭᠤᠳᠤᠭᠠᠷ ᠰᠤᠮᠤ᠂ ᠶᠡᠭᠡ ᠠᠷᠪᠠᠳᠤᠭᠠᠷ ᠵᠡᠷᠭᠡ ᠨᠣᠭᠤᠭᠠᠷᠠᠭᠤᠯᠵᠤ ᠭᠤᠶᠤᠵᠢᠭᠤᠯᠬᠤ 6 ᠰᠣᠳᠣᠨ ᠪᠦᠲᠦᠭᠡᠭᠳᠡᠬᠦᠨ ᠤ ᠵᠢᠱᠢᠶ᠎ᠡ ᠦᠵᠡᠭᠦᠯᠬᠦ ᠲᠣᠰᠬᠤᠨ ᠪᠠ 2 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠠᠯᠬᠤᠮ ᠠᠯᠬᠤᠮ ᠢᠶᠠᠷ ᠢᠯᠡᠷᠡᠭᠦᠯᠦᠨ᠎ᠡ᠃    ︵ᠭᠤᠷᠪᠠ︶ ᠳᠤᠲᠠᠭᠤᠳᠠᠯ ᠢ ᠨᠥᠬᠦᠪᠥᠷᠢᠯᠡᠬᠦ ᠶᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠰᠠᠭᠤᠷᠢ ᠶᠢ ᠴᠢᠩᠭᠠᠳᠬᠠᠨ᠂ ᠬᠤᠲᠠ ᠶᠢᠨ ᠴᠢᠳᠠᠮᠵᠢ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠣᠯᠪᠠᠰᠤᠨ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠪᠦᠳᠦᠭᠡᠨ ᠪᠠᠶᠢᠭᠤᠯᠬᠤ᠂ ᠨᠠᠷᠢᠯᠢᠭ ᠬᠠᠮᠢᠶᠠᠷᠬᠤ ᠶᠢ ᠪᠠᠷᠢᠮᠲᠠᠯᠠᠵᠤ᠂ ᠲᠥᠪ ᠬᠤᠳᠠ ᠶᠢᠨ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠳᠠ ᠶᠢᠨ ᠰᠠᠭᠤᠷᠢ ᠲᠥᠬᠦᠭᠡᠷᠦᠮᠵᠢ ᠶᠢ ︽ᠬᠦᠴᠦᠷᠬᠡᠭᠵᠢᠭᠦᠯᠦᠨ᠎ᠡ︾᠃ ᠲᠥᠯᠥᠪᠵᠢᠭᠦᠯᠭᠡ ᠶᠢᠨ ᠬᠥᠲᠥᠯᠥᠨ ᠵᠢᠯᠣᠭᠤᠳᠴᠤ ᠬᠠᠮᠢᠶᠠᠷᠤᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠷᠴᠢᠮᠯᠢᠭ ᠠᠪᠰᠠᠷᠬᠠᠨ᠂ ᠰᠡᠶᠢᠷᠡᠭ ᠨᠢᠭᠲᠠ ᠪᠥᠭᠡᠳ ᠨᠠᠷᠢᠯᠢᠭ ᠣᠷᠣᠨ ᠵᠠᠶ ᠶᠢᠨ ᠪᠠᠶᠢᠷᠢᠰᠢᠯ ᠢ ᠦᠨᠡᠨ ᠬᠦ ᠪᠤᠢ ᠪᠣᠯᠭᠠᠨ᠎ᠠ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠶ  ᠠᠬᠢᠭᠤᠯᠵᠤ᠂  ᠨᠠᠷᠠᠰᠤᠨ ᠭᠤᠣᠯ ᠤᠨ ᠶᠡᠭᠡ ᠬᠥᠭᠦᠷᠭᠡ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠲᠠᠶᠢᠴᠠᠩ ᠵᠠᠮ ᠵᠡᠷᠭᠡ 6 ᠵᠤᠷᠪᠤᠰ ᠵᠠᠮ ᠤᠨ ᠪᠦᠳᠦᠭᠡᠨ ᠪᠠᠶᠢᠭᠤᠯᠤᠯᠲᠠ ᠵᠢᠴᠢ 95 ᠺᠢᠯᠣᠮᠧᠲᠷ ᠤᠨ ᠬᠤᠭᠤᠯᠠᠶ ᠶᠢᠨ ᠲᠣᠣᠷ ᠢ ᠳᠡᠪᠢᠰᠴᠦ ᠳᠠᠭᠤᠰᠬᠠᠪᠠ᠃ ᠲᠥᠪ ᠬᠤᠳᠠ ᠲᠣᠭᠤᠷᠢᠭ ᠤᠨ ᠤᠰᠤ ᠳᠠᠮᠵᠢᠭᠤᠯᠬᠤ ᠪᠠ ᠬᠠᠩᠭᠠᠬᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠢᠭᠡᠳᠦᠭᠡᠷ ᠬᠤᠶᠠᠳᠤᠭᠠᠷ ᠬᠤᠳᠠ ᠶᠢᠨ ᠤᠰᠤᠨ ᠤ ᠦᠢᠯᠡᠳᠪᠦᠷᠢ ᠶᠢᠨ ᠵᠠᠯᠭᠠᠯᠲᠠ ᠶᠢᠨ ᠱᠤᠭᠤᠮ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ 140 ᠰᠠᠭᠤᠷᠢ ᠤᠰᠤ ᠬᠠᠩᠭᠠᠬᠤ ᠲᠥᠬᠦᠭᠡᠷᠦᠮᠵᠢ ᠶᠢ ᠬᠤᠶᠠᠳᠠᠬᠢ ᠤᠳᠠᠭ᠎ᠠ ᠥᠭᠡᠷᠡᠴᠢᠯᠡᠨ ᠵᠠᠰᠠᠵᠤ᠂ ᠲᠥᠪ ᠬᠤᠳᠠ  ᠲᠣᠭᠤᠷᠢᠭ ᠎ ᠤᠨ ᠤᠰᠤ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠪᠠᠶᠢᠭᠠᠯᠢ ᠶᠢᠨ ᠰᠢᠲᠠᠮᠠᠬᠠᠶ ᠬᠡᠶ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠡᠮᠬᠢ ᠳᠢᠭᠯᠢᠮ ᠢ ᠵᠢᠷᠤᠮᠵᠢᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢ ᠡᠷᠦᠬᠡ ᠳᠤ ᠣᠷᠣᠭᠤᠯᠤᠨ ᠲᠦᠭᠡᠮᠡᠯᠵᠢᠭᠦᠯᠬᠦ ᠨᠣᠷᠮ᠎ᠠ ᠶᠢ 90% ᠎ ᠠᠴᠠ ᠳᠡᠭᠡᠭᠰᠢ ᠪᠤᠯᠭᠠᠵᠤ᠂ ᠰᠣᠯᠢᠯᠴᠠᠬᠤ ᠥᠷᠲᠡᠭᠡ ᠶᠢᠨ ᠥᠪᠡᠷᠲᠡᠭᠡᠨ ᠡᠵᠡᠮᠳᠡᠬᠦ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠥᠪ ᠬᠤᠲᠠ ᠶᠢᠨ ᠲᠣᠭᠤᠷᠢᠭ ᠤᠨ ᠢᠯᠴᠢ ᠬᠠᠩᠭᠠᠯᠭ᠎ᠠ ᠶᠢᠨ ᠤᠶᠤᠨᠴᠢᠯᠠᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠬᠤᠳᠠ ᠶᠢᠨ ᠬᠥᠮᠦᠨ ᠨᠡᠶᠢᠭᠡᠮ ᠤᠨ ᠣᠷᠴᠢᠨ ᠲᠣᠭᠤᠷᠢᠨ ᠢ ︽ᠰᠢᠯᠢᠳᠡᠭᠵᠢᠭᠦᠯᠦᠨ᠎ᠡ︾᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠬᠤᠲᠠ ᠶᠢᠨ ᠳᠦᠷᠰᠦ ᠪᠠᠶᠢᠳᠠᠯ᠂ ᠵᠠᠮ ᠬᠠᠷᠢᠯᠴᠠᠭᠠᠨ ᠤ ᠡᠮᠬᠢ ᠵᠢᠷᠤᠮ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ︽ᠳᠥᠷᠪᠡᠨ ᠣᠳᠣᠬᠢᠴᠢᠯᠠᠯᠲᠠ︾᠎ ᠶᠢᠨ ᠬᠤᠲᠠ ᠶᠢᠨ ᠳᠦᠷᠰᠦ ᠪᠠᠶᠢᠳᠠᠯ ᠢ ᠥᠨᠳᠥᠷ ᠪᠠᠷᠢᠮᠵᠢᠶ᠎ᠠ ᠪᠠᠷ ᠪᠣᠶ ᠪᠣᠯᠭᠠᠵᠤ᠂ ︽ᠳᠥᠷᠪᠡᠨ ᠲᠣᠬᠢᠷᠠᠮᠵᠢᠲᠠᠶ︾ ᠬᠤᠲᠠ ᠶᠢᠨ ᠴᠢᠨᠠᠷ ᠴᠢᠨᠰᠠᠭ᠎ᠠ ᠶᠢ ᠴᠢᠨᠠᠷ ᠰᠠᠶᠢᠲᠠᠶ ᠪᠣᠶ ᠪᠣᠯᠭᠠᠨ᠎ᠠ᠃ ︽ᠡᠨᠧᠷᠭᠢ ᠶᠢᠨ ᠰᠤᠷᠪᠤᠯᠵᠢ ᠶᠢ ᠠᠷᠪᠢᠯᠠᠨ ᠭᠠᠮᠨᠠᠬᠤ ᠶᠢ ᠨᠡᠮᠡᠭᠳᠡᠭᠦᠯᠬᠦ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ 1318 ᠰᠠᠭᠤᠷᠢ ᠰᠢᠨ᠎ᠡ ᠡᠨᠧᠷᠭᠢ ᠶᠢᠨ ᠰᠤᠷᠪᠤᠯᠵᠢ ᠶᠢᠨ ᠵᠠᠮ ᠤᠨ ᠳ᠋ᠧᠩ ᠢ ᠤᠭᠰᠠᠷᠠᠪᠠ᠃ 73 ᠬᠠᠭᠤᠴᠢᠨ  ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠡᠬᠢᠯᠡᠭᠦᠯᠦᠨ ᠬᠡᠷᠡᠭᠵᠢᠭᠦᠯᠵᠦ᠂ 10 ᠬᠤᠳᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠡᠭᠡᠯᠢ ᠶᠢ ᠪᠠᠶᠢᠭᠤᠯᠵᠤ᠂ ᠤᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠠᠷᠠᠳ ᠢᠷᠭᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠢᠷᠭᠡᠳ ᠤᠨ ᠪᠣᠯᠪᠠᠰᠤᠨ ᠤ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠬᠤᠳᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ︽ᠰᠢᠯᠢᠳᠡᠭᠵᠢᠭᠦᠯᠦᠨ᠎ᠡ︾᠃ ᠬᠤᠳᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠬᠦᠴᠦᠨ ᠢ  ᠠᠬᠢᠭᠤᠯᠵᠤ᠂ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠬᠤᠳᠠ ᠶᠢᠨ ᠬᠠᠮᠢᠶᠠᠷᠤᠯᠲᠠ ᠶᠢ ᠬᠤᠳᠠ ᠶᠢᠨ ᠵᠠᠰᠠᠯᠲᠠ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠬᠤᠲᠠ ᠶᠢᠨ ᠦᠶᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ 10 ᠬᠠᠯᠠᠭᠤᠨ ᠳᠤᠯᠠᠭᠠᠨ ᠬᠡᠷ ᠪᠦᠯᠢ ᠶᠢ ᠰᠢᠨ᠎ᠡ ᠪᠠᠷ ᠪᠠᠶᠢᠭᠤᠯᠵᠤ᠂ 148 ᠴᠠᠬᠢᠯᠭᠠᠨ ᠴᠡᠨᠡᠭᠯᠡᠬᠦ ᠱᠣᠩ᠂ 8932 ᠲᠡᠷᠭᠡ ᠵᠣᠭᠰᠣᠬᠤ ᠪᠠᠶᠢᠷᠢ ᠨᠡᠮᠡᠵᠦ᠂ 215 ᠨᠡᠶᠢᠲᠡ ᠶᠢᠨ ᠮᠠᠰᠢᠨ ᠲᠡᠷᠭᠡᠨ ᠤ ᠲᠡᠷᠭᠡ ᠬᠦᠯᠢᠶᠡᠬᠦ ᠮᠤᠬᠤᠯᠠᠭ ᠢ ᠰᠣᠯᠢᠪᠠ᠃ ᠬᠤᠳᠠ ᠶᠢᠨ ᠬᠤᠭ ᠨᠣᠪᠰᠢ ᠶᠢ ᠲᠦᠷᠦᠯ ᠬᠤᠪᠢᠶᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠪᠠ ᠬᠤᠣᠷ ᠦᠭᠡᠶᠢᠵᠢᠬᠦᠯᠦᠨ ᠰᠢᠶᠳᠪᠦᠷᠢᠯᠡᠬᠦ ᠶᠢ ᠪᠡᠶᠡᠯᠡᠭᠦᠯᠦᠨ᠎ᠡ᠃ ᠰᠠᠭᠤᠭᠠᠯᠢ ᠠᠷᠠᠳ ᠤᠨ ᠥᠪᠡᠷᠲᠡᠭᠡᠨ ᠬᠠᠮᠢᠶᠠᠷᠬᠤ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠤ᠂ ᠠᠳᠠᠯ ᠠᠬᠤᠶ ᠶᠢᠨ ᠠᠵᠢᠯ ᠲᠥᠷᠥᠯ ᠤᠨ ︽  ᠬᠤᠪᠢᠰᠬᠠᠯᠲᠤ ᠬᠠᠷ᠎ᠠ ᠰᠠᠮᠪᠠᠷ᠎ᠠ︾᠎ ᠶᠢᠨ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠳᠡᠭᠡᠭᠰᠢᠯᠡᠭᠦᠯᠦᠨ᠎ᠡ᠃    ︵ᠲᠦᠷᠪᠡ︶ ᠥᠭᠡᠷᠡᠴᠢᠯᠡᠯᠲᠡ ᠶᠢ ᠤᠷᠲᠤ ᠬᠤᠭᠤᠴᠠᠭ᠎ᠠ ᠪᠠᠷ ᠠᠳᠬᠤᠵᠤ᠂ ᠨᠡᠬᠡᠬᠡᠯᠳᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠥᠭᠵᠢᠭᠡᠨ᠎ᠡ᠃ᠥᠭᠡᠷᠡᠴᠢᠯᠡᠯᠲᠡ ᠪᠠᠷ ᠬᠦᠴᠢᠷ ᠠᠰᠠᠭᠤᠳᠠᠯ ᠢ ᠰᠢᠶᠳᠪᠦᠷᠢᠯᠡᠬᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠨᠡᠭᠡᠭᠡᠯᠳᠡ ᠪᠠᠷ ᠡᠬᠢ ᠪᠠᠶᠠᠯᠢᠭ ᠢ ᠬᠤᠷᠠᠮᠳᠤᠭᠤᠯᠬᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠪᠠᠷᠢᠮᠲᠠᠯᠠᠵᠤ᠂ ᠲᠡᠷᠢᠭᠦᠨ ᠤ ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ  ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠪᠦᠲᠦᠴᠡ ᠶᠢ ᠲᠣᠬᠢᠷᠠᠭᠤᠯᠬᠤ ᠶᠢ ᠭᠦᠨᠵᠡᠭᠡᠶ ᠠᠬᠢᠭᠤᠯᠵᠤ᠂ ᠠᠵᠤ ᠠᠬᠤᠶᠢᠯᠠᠯ ᠤᠨ ᠭᠤᠣᠯᠯᠠᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ ᠲᠦᠭᠡᠭᠡᠯ ᠤᠰᠤ᠂ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢᠨ ᠡᠵᠡᠩᠨᠡᠯᠲᠡ ᠶᠢᠨ ᠡᠷᠬᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠠᠬᠢᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ  ᠶᠢᠨ ᠢᠨᠵᠧᠨᠧᠷᠢᠩ ᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠳᠤ ᠨᠠᠩ ᠲᠥᠬᠦᠮ᠂ ᠨᠠᠩ ᠲᠦᠷᠭᠡᠨ ᠪᠠᠶᠢᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠬᠠᠶᠢᠨ ᠰᠦᠪᠡᠭᠴᠢᠯᠡᠵᠦ᠂ ᠬᠥᠳᠡᠭᠡ ᠲᠣᠰᠬᠤᠨ ᠤ ᠡᠬᠢ ᠪᠠᠶᠠᠯᠢᠭ ᠤᠨ ᠬᠥᠭᠵᠢᠯᠲᠡ  ᠶᠢᠨ  ᠡᠳ᠋ ᠤᠨ ᠵᠠᠰᠠᠭ ᠭᠠᠶᠢᠯᠢ᠂ ᠰᠤᠷᠭᠠᠨ ᠬᠥᠮᠦᠵᠢᠯ᠂ ᠬᠠᠤᠯᠢ ᠴᠠᠭᠠᠵᠠ᠂ ᠰᠣᠶᠣᠯ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠲᠦᠮᠡᠨ ᠳᠤ ᠡᠳ᠋ᠯᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠪᠡᠯᠡ ᠮᠥᠩᠭᠦ ᠶᠢ ᠰᠢᠭᠤᠳ ᠬᠦᠷᠭᠡᠬᠦ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠣᠯᠭᠠᠬᠤ ᠵᠡᠷᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠭᠦᠨᠵᠡᠭᠡᠶ ᠬᠡᠷᠡᠭᠵᠢᠭᠦᠯᠵᠦ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾᠂ ᠬᠤᠪᠢ ᠬᠥᠮᠦᠨ ᠪᠠ ᠠᠵᠤ ᠠᠬᠤᠶᠢᠯᠠᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠶᠳᠪᠦᠷᠢᠯᠡᠬᠦ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠶᠤᠴᠢᠯᠠᠬᠤ ᠮᠠᠲ᠋ᠧᠷᠢᠶᠠᠯ ᠢᠶᠠᠨ ᠳᠠᠪᠬᠤᠷᠳᠠᠭᠤᠯᠤᠨ ᠲᠤᠰᠢᠶᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠡᠮᠬᠢᠯᠡᠨ ᠨᠡᠶᠢᠯᠡᠭᠦᠯᠬᠦ ᠶᠢᠨ ᠬᠠᠮᠲᠤ ᠪᠠᠭᠠᠰᠬᠠᠵᠤ᠂  ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠳᠡᠰ ᠳᠡᠪᠰᠢᠭᠰᠡᠨ ᠬᠡᠪᠯᠡᠯ ᠢ ᠬᠦᠴᠦᠯᠡᠨ ᠪᠤᠢ ᠪᠣᠯᠭᠠᠨ᠎ᠠ᠃ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠪᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠠᠯᠠᠯᠲᠠ ᠪᠠᠨ ᠰᠠᠬᠢᠵᠤ ᠢᠲᠡᠭᠡᠮᠵᠢ ᠪᠠᠨ ᠦᠢᠯᠡᠳᠦᠯᠭᠡᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠲᠦᠷᠦ ᠶᠢᠨ ᠪᠤᠳᠤᠯᠭ᠎ᠠ ᠶᠢᠨ ᠠᠮᠠᠯᠠᠯᠲᠠ ᠪᠠᠨ ᠴᠢᠩᠭ᠎ᠠ ᠪᠡᠶᠡᠯᠡᠭᠦᠯᠵᠦ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠥᠪ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠠᠮᠠᠭᠠᠯᠠᠨ᠎ᠠ᠃ ︽ᠬᠤᠶᠠᠷ ᠥᠴᠦᠬᠡᠨ ᠴᠦ ᠭᠤᠶᠢᠪᠢᠰᠢ ᠥᠬᠡᠶ︾᠎ ᠶᠢ ᠪᠠᠷᠢᠮᠲᠠᠯᠠᠨ᠂ ᠤᠳᠤᠷᠢᠳᠬᠤ ᠺᠠᠳ᠋ᠷᠴᠤᠳ ᠤᠨ ᠴᠢᠬᠤᠯᠠ ᠶᠡᠭᠡ ᠲᠥᠷᠥᠯ ᠵᠦᠶᠯ ᠲᠠᠢ ᠬᠤᠯᠪᠣᠭᠠᠯᠠᠬᠤ ᠶᠢ ᠳᠠᠭᠠᠭᠠᠴᠢᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠤᠨ ᠬᠦᠴᠢᠷᠳᠡᠯᠲᠡᠶ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠪᠠ ᠲᠦᠭᠵᠢᠷᠡᠯ ᠲᠠᠢ ᠭᠠᠵᠠᠷ ᠤᠨ ᠠᠰᠠᠭᠤᠳᠠᠯ ᠢ ᠦᠨᠡᠨᠬᠦ ᠰᠢᠶᠳᠪᠦᠷᠢᠯᠡᠵᠦ᠂ ᠠᠷᠠᠳ ᠠᠴᠠ ᠡᠵᠡᠩᠨᠡᠭᠰᠡᠨ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠬᠦᠴᠢᠷ ᠲᠠᠢ ᠪᠣᠭᠤᠮᠲᠠ ᠶᠢ ᠳᠤᠭᠤᠯᠬᠤ ᠬᠡᠷᠡᠭᠲᠡᠶ᠃ ᠠᠵᠤ ᠠᠬᠤᠶᠢᠯᠠᠯᠲᠠᠨ ᠢ ᠬᠠᠯᠠᠮᠵᠢᠯᠠᠨ ᠬᠠᠶᠢᠷᠠᠯᠠᠵᠤ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠤᠯᠤᠰ ᠤᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠬᠦᠴᠦᠲᠡᠶ ᠠᠬᠢᠭᠤᠯᠤᠨ᠎ᠠ᠃ ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠬᠦ ᠣᠨ︾᠎ ᠤ ᠲᠤᠰᠬᠠᠶ ᠵᠦᠢᠯ ᠤᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ 100 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠳᠣᠲᠣᠷ᠎ᠠ 100 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ︽ᠬᠤᠣᠰ ᠵᠠᠭᠤᠨ︾᠎ ᠤ ᠬᠠᠷᠠᠯᠲᠠ ᠶᠢ ᠭᠤᠶᠢᠪᠢᠰᠢ ᠦᠭᠡᠶ ᠪᠡᠶᠡᠯᠡᠭᠦᠯᠵᠦ᠂ ᠪᠡᠭᠡᠵᠢᠩ ᠲᠢᠶᠠᠨᠵᠢᠨ  ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠠᠵᠤ ᠦᠢᠯᠡᠰ ᠤᠨ ᠰᠢᠯᠵᠢᠯᠲᠡ ᠶᠢᠨ ᠭᠤᠣᠯᠳᠠᠯᠭ᠎ᠠ ᠲᠠᠢ ᠭᠠᠵᠠᠷ ᠣᠷᠣᠨ ᠢ ᠴᠢᠩᠭ᠎ᠠ ᠠᠩᠬᠠᠷᠴᠤ᠂ ᠲᠣᠮᠣ ᠲᠤᠭ᠎ᠠ ᠪᠠᠷᠢᠮᠲᠠ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠰᠣᠶᠣᠯ ᠵᠤᠭᠠᠴᠠᠯ ᠡᠷᠡᠭᠦᠯ ᠮᠡᠨᠳᠦ ᠰᠤᠪᠢᠯᠠᠯᠲᠠ ᠵᠡᠷᠭᠡ ᠬᠦᠷᠢᠶᠡᠨ ᠤ ᠲᠣᠭᠤᠷᠢᠨ ᠳᠤ᠂ ᠠᠵᠤ ᠦᠢᠯᠡᠰ ᠤᠨ ᠪᠦᠯᠦᠭᠯᠡᠯ ᠪᠣᠯᠤᠨ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠥᠷᠢᠯᠡᠵᠦ ᠬᠡᠯᠬᠢᠶᠡᠵᠢᠯ ᠢ ᠴᠢᠩᠭᠠᠳᠬᠠᠬᠤ ᠴᠢᠬᠤᠯᠠᠲᠠᠶ ᠠᠵᠤ ᠦᠢᠯᠡᠰ ᠤᠨ ᠬᠡᠯᠬᠢᠶ᠎ᠡ ᠶᠢ ᠨᠠᠷᠢᠨ ᠬᠢᠨᠠᠮᠠᠭᠠᠶ ᠡᠮᠬᠢᠯᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠭᠦᠷᠭᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠢᠭᠡᠳ ᠨᠢᠭᠡ ᠪᠠᠷ ᠲᠣᠭᠲᠠᠭᠠᠵᠤ᠂ ᠤᠳᠤᠷᠢᠳᠬᠤ ᠺᠠᠳ᠋ᠷ ᠲᠦᠷᠦᠭᠦᠯᠡᠨ᠂ ᠰᠠᠯᠠᠭ᠎ᠠ ᠮᠥᠴᠢᠷ  ᠬᠠᠮᠵᠢᠯᠴᠠᠬᠤ ᠶᠢ ᠪᠠᠷᠢᠮᠲᠠᠯᠠᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠳᠤ ᠨᠡᠶᠢᠴᠡᠬᠦ᠂ ᠠᠵᠤ ᠦᠶᠯᠡᠰ ᠤᠨ ᠬᠤᠯᠪᠣᠭᠳᠠᠬᠤ ᠬᠡᠮᠵᠢᠶ᠎ᠡ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠴᠢᠨᠠᠷ ᠰᠠᠶᠢᠲᠠᠶ ᠲᠥᠷᠥᠯ ᠵᠦᠶᠯ ᠢ ᠬᠦᠴᠦᠯᠡᠨ ᠣᠷᠣᠭᠤᠯᠵᠤ᠂ ᠵᠢᠯ ᠤᠨ ᠳᠣᠲᠣᠷ᠎ᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠢ 30᠎ ᠠᠴᠠ ᠳᠡᠭᠡᠭᠰᠢ ᠣᠷᠣᠭᠤᠯᠬᠤ ᠪᠠᠷ ᠴᠢᠷᠮᠠᠶᠢᠨ᠎ᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ᠎ᠠ᠃ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠤᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠠᠩᠬᠠᠷᠴᠤ᠂ ᠡᠷᠳᠡᠮᠲᠡᠨ ᠮᠡᠷᠭᠡᠳ ᠢ ᠴᠤᠭᠯᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠲᠤᠰᠤᠯᠲᠠ ᠪᠠᠨ ᠪᠣᠯᠭᠠᠵᠤ᠂ ᠴᠢᠳᠠᠪᠤᠷᠢᠲᠠᠨ ᠲᠠᠲᠠᠬᠤ ᠠᠵᠢᠯ ᠤᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠲᠠᠰᠤᠷᠠᠯᠲᠠ ᠦᠭᠡᠶ ᠡᠭᠦᠳᠴᠦ᠂ ᠦᠷ᠎ᠡ ᠬᠡᠦᠬᠡᠳ ᠢᠶᠠᠨ ᠰᠤᠷᠭᠠᠭᠤᠯᠢ ᠳᠤ ᠣᠷᠣᠭᠤᠯᠬᠤ᠂ ᠣᠷᠣᠨ ᠰᠠᠭᠤᠴᠠ ᠪᠠᠨ ᠲᠥᠪᠬᠢᠨᠡᠭᠦᠯᠬᠦ᠂ ᠭᠡᠷ ᠪᠦᠯᠢ ᠪᠠᠨ ᠰᠢᠯᠵᠢᠭᠦᠯᠬᠦ ᠵᠡᠷᠭᠡ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠡᠳᠡᠨ ᠠᠪᠴᠢᠷᠠᠬᠤ᠂ ᠨᠤᠲᠤᠭ ᠤᠨ ᠴᠢᠳᠠᠪᠤᠷᠢᠲᠠᠨ ᠎ ᠢ  ᠪᠤᠴᠠᠵᠤ ᠢᠷᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠣᠭᠤᠷᠢᠭ ᠲᠤ ᠰᠠᠭᠤᠭ᠎ᠠ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠵᠠᠯᠠᠭᠤ ︽ᠰᠢᠨ᠎ᠡ ᠬᠤᠲᠠ ᠶᠢᠨ ᠠᠷᠠᠳ︾ ᠪᠠ ᠭᠠᠳᠠᠨ᠎ᠠ ᠠᠴᠠ ᠪᠠᠯᠠ ᠣᠷᠣᠭᠤᠯᠵᠤ ᠂ ᠠᠵᠢᠯ ᠣᠯᠤᠭᠰᠠᠨ ᠰᠢᠯᠢᠳᠡᠭ ︽ᠭᠠᠳᠠᠨ᠎ᠠ ᠠᠴᠠ ᠢᠷᠡᠭᠰᠡᠨ ᠡᠷᠦᠬᠡ︾᠎ ᠶᠢ ᠦᠯᠡᠳᠡᠭᠡᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠪᠣᠬᠢᠷᠲᠤᠯ ᠥᠬᠡᠶ ᠬᠥᠭᠵᠢᠭᠦᠯᠬᠦ᠂ ᠴᠢᠨᠠᠷ ᠰᠠᠶᠢᠲᠠᠶ ᠬᠥᠭᠵᠢᠭᠦᠯᠬᠦ ᠳᠤ ᠴᠢᠳᠠᠪᠤᠷᠢᠲᠠᠨ ᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃   ︵ᠲᠠᠪᠤ︶ ᠪᠣᠬᠢᠷᠲᠤᠯ ᠢ ᠵᠠᠰᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠴᠥᠬᠦᠷᠡᠰᠢ ᠥᠬᠡᠶ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠴᠢᠩᠭᠠᠳᠬᠠᠨ᠎ᠠ᠃ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠠᠮᠢ ᠠᠬᠤᠢ ᠶᠢᠨ ᠬᠦᠴᠦᠷᠬᠡᠭ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠰᠠᠶᠢᠨ ᠰᠠᠶᠢᠬᠠᠨ ᠠᠮᠢ ᠠᠬᠤᠢ ᠶᠢᠨ ᠰᠠᠭᠤᠷᠢ ᠦᠩᠭᠡ ᠪᠠᠷ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠣᠯᠭᠤᠨ᠎ᠠ᠃ ᠨᠠᠩ ᠶᠡᠭᠡ ᠡᠷᠴᠢᠮ ᠢᠶᠠᠷ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠬᠤ︾ ᠬᠡᠷᠡᠭᠲᠡᠶ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠤᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ︽ᠬᠤᠶᠠᠷ ᠥᠨᠳᠥᠷ︾᠎ ᠤ ᠲᠥᠷᠥᠯ ᠵᠦᠶᠯ ᠢ ᠰᠢᠨ᠎ᠡ ᠪᠠᠷ ᠪᠠᠶᠢᠭᠤᠯᠬᠤ ᠶᠢ ᠡᠷᠡᠰ ᠬᠤᠷᠢᠭᠯᠠᠵᠤ᠂ ᠴᠠᠭᠠᠰᠤ᠂ ᠪᠠᠯ ᠴᠢᠯᠠᠭᠤ᠂ ᠭᠠᠯ ᠤᠨ ᠬᠦᠴᠦᠨ ᠢᠶᠠᠷ ᠴᠠᠬᠢᠯᠭᠠᠨ ᠭᠠᠷᠭᠠᠬᠤ ᠵᠡᠷᠭᠡ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠢᠯ ᠲᠥᠷᠥᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠤᠨ᠎ᠠ᠃ ︽  ᠲᠦᠷᠪᠡ ᠶᠢ ᠲᠣᠭᠲᠠᠭᠠᠬᠤ︾ ᠵᠠᠷᠴᠢᠮ ᠪᠠ ︽ᠤᠰᠤ ᠶᠢ ᠦᠵᠡᠵᠦ ᠪᠠᠶᠢᠭᠠᠳ ᠶᠠᠪᠤᠭᠤᠯᠬᠤ︾ ᠱᠠᠭᠠᠷᠳᠠᠯᠭ᠎ᠠ ᠶᠢ  ᠨᠠᠶᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠬᠤ᠂ ᠤᠰᠤ ᠬᠡᠷᠡᠭᠯᠡᠬᠦ ᠦᠷ᠎ᠡ ᠪᠦᠲᠦᠮᠵᠢ ᠥᠨᠳᠥᠷ ᠪᠢᠰᠢ ᠪᠠᠶᠢᠬᠤ ᠵᠡᠷᠭᠡ ᠠᠰᠠᠭᠤᠳᠠᠯ ᠢ ᠦᠨᠳᠦᠰᠦᠨ ᠠᠴᠠ ᠨᠢ ᠰᠢᠶᠳᠪᠦᠷᠢᠯᠡᠨ᠎ᠡ᠃ ᠪᠣᠬᠢᠷᠲᠤᠯ ᠥᠬᠡᠶ ᠠᠮᠢᠳᠤᠷᠠᠯ ᠤᠨ ᠠᠷᠭ᠎ᠠ ᠮᠠᠶ᠋ᠢᠭ ᠢ ᠪᠤᠶᠢᠵᠢᠭᠤᠯᠤᠨ ᠦᠶᠯᠡᠳᠦᠯᠭᠡᠵᠢᠭᠦᠯᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠥᠬᠡᠶ ᠰᠤᠷᠭᠠᠭᠤᠯᠢ᠂ ᠪᠣᠬᠢᠷᠲᠤᠯ ᠥᠬᠡᠶ ᠨᠡᠶᠢᠭᠡᠮ ᠲᠣᠭᠤᠷᠢᠭ᠂ ᠪᠣᠬᠢᠷᠲᠤᠯ ᠥᠬᠡᠶ ᠬᠡᠷ ᠪᠦᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠤᠰᠤ ᠠᠷᠪᠢᠯᠠᠵᠤ ᠴᠠᠬᠢᠯᠭᠠᠨ ᠠᠷᠪᠢᠯᠠᠬᠤ᠂ ᠪᠣᠬᠢᠷᠲᠤᠯ ᠥᠬᠡᠶ ᠶᠠᠪᠤᠵᠤ ᠰᠠᠭᠤᠬᠤ᠂ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ ᠳᠡᠷᠭᠡᠳᠡᠬᠢ ᠶᠠᠪᠤᠳᠠᠯ ᠢ ᠰᠠᠶᠢᠲᠤᠷ ᠬᠢᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠦᠶᠯᠡᠳᠪᠦᠷᠢᠯᠡᠯ ᠠᠮᠢᠳᠤᠷᠠᠯ ᠤᠨ ᠰᠢᠨ᠎ᠡ ᠤᠷᠤᠰᠬᠠᠯ ᠪᠣᠯᠭᠠᠨ᠎ᠠ᠃ ᠨᠡᠩ ᠴᠢᠩᠭ᠎ᠠ ᠠᠷᠭ᠎ᠠ ᠬᠡᠮᠵᠢᠶ᠎ᠡ ᠪᠠᠷ ︽ᠪᠣᠬᠢᠷᠲᠤᠯ ᠢ ᠵᠠᠰᠠᠬᠤ︾ ᠬᠡᠷᠡᠭᠲᠡᠢ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠵᠡᠷᠭᠡ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠭᠠᠵᠠᠷ ᠪᠠ ᠵᠠᠮ ᠤᠨ ᠲᠣᠭᠤᠰᠣ ᠰᠢᠷᠣᠶ ᠶᠢ ᠵᠠᠰᠠᠬᠤ ᠶᠢ ᠴᠢᠩᠭᠠᠳᠬᠠᠨ᠂ ᠪᠡᠭᠡᠵᠢᠩ ᠢᠯᠴᠢ ᠬᠠᠨᠭ᠍ᠭᠠᠯᠭ᠎ᠠ ᠵᠡᠷᠭᠡ 3 ᠢᠯᠴᠢ ᠶᠢᠨ ᠬᠦᠴᠦᠨ ᠤ ᠺᠣᠮᠫᠠᠨᠢ ᠶᠢᠨ 65 ᠲᠣᠨ ᠠᠭᠤᠷᠰᠢᠭᠤᠯᠬᠤ ᠭᠦᠸᠧᠯᠦ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠵᠢᠴᠢ ᠭᠤᠤᠯ ᠬᠤᠲᠠ ᠲᠣᠭᠤᠷᠢᠭ ᠤᠨ 2500 ᠡᠷᠦᠬᠡ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠡᠵᠡᠯᠡᠬᠦ ᠬᠠᠷᠢᠴᠠᠯ ᠢ 91.6%᠎ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠭᠤᠣᠯ ᠤᠨ ᠳᠠᠷᠤᠭ᠎ᠠ ᠶᠢᠨ ᠲᠦᠷᠢᠮ ᠢ ᠭᠦᠨᠵᠡᠭᠡᠢ ᠠᠬᠢᠭᠤᠯᠵᠤ᠂ ᠨᠠᠷᠠᠰᠤᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠤᠨ ᠰᠠᠶᠢᠲᠤᠷ ᠬᠢᠵᠦ᠂ ᠬᠥᠬᠡᠮᠳᠦᠭ ᠤᠰᠤ ᠬᠦᠬᠡ ᠣᠭᠲᠠᠷᠭᠤᠢ ᠶᠢᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠪᠠᠶᠢᠭᠤᠯᠵᠤ᠂ ᠰᠢᠶᠤᠤ ᠳ᠋ᠦᠩ ᠲᠠᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠬᠥᠷᠥᠰᠥ ᠰᠢᠷᠣᠢ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ᠂ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠥᠳᠡᠭᠡ ᠲᠣᠰᠬᠤᠨ ᠤ ᠤᠯᠠᠨ ᠡᠬᠢᠳᠤ ᠪᠣᠬᠢᠷᠲᠤᠯ ᠢ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠵᠢᠨᠢᠩ ᠳᠤ ᠨᠡᠩ ᠤᠯᠠᠨ ᠠᠮᠢ ᠠᠬᠤᠢ ᠶᠢᠨ ᠠᠰᠢᠭ ᠬᠦᠷᠲᠡᠭᠡᠨ᠎ᠡ᠃ ᠨᠠᠩ ᠥᠨᠳᠥᠷ ᠪᠠᠷᠢᠮᠵᠢᠶ᠎ᠠ ᠪᠠᠷ ︽ᠨᠣᠭᠤᠭᠠᠷᠠᠭᠤᠯᠤᠯᠲᠠ ᠶᠢ ᠨᠡᠮᠡᠭᠳᠡᠭᠦᠯᠦᠨ᠎ᠡ︾᠃ ᠣᠶ ᠰᠢᠭᠤᠶ ᠡᠪᠡᠰᠦ ᠪᠡᠯᠴᠢᠭᠡᠷ ᠤᠨ ᠤᠷᠭᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 2 ᠲᠦᠮᠡᠨ ᠮᠥ ᠬᠥᠮᠦᠨ ᠤ ᠬᠦᠴᠦ ᠪᠠᠷ ᠣᠶᠢᠵᠢᠭᠤᠯᠵᠤ᠂ 0.6 ᠲᠦᠮᠡᠨ ᠮᠥ ᠮᠠᠭᠤᠳᠠᠭᠰᠠᠨ ᠣᠶ ᠰᠢᠭᠤᠶ ᠶᠢ ᠨᠥᠬᠦᠨ ᠳᠠᠷᠢᠵᠤ ᠥᠭᠡᠷᠡᠴᠢᠯᠡᠨ᠂ ᠪᠣᠬᠢᠷᠲᠤᠯ ᠥᠬᠡᠶ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠠᠮᠢ ᠠᠬᠤᠶ ᠶᠢᠨ ᠬᠠᠯᠬᠠᠪᠴᠢ ᠶᠢ ᠪᠠᠬᠢᠵᠢᠭᠦᠯᠦᠨ᠎ᠡ᠃ ︽ᠭᠤᠷᠪᠠᠨ ᠠᠭᠤᠯᠠ ᠬᠤᠶᠠᠷ ᠭᠤᠤᠯ ︾᠎ ᠤᠨ ᠬᠠᠮᠢᠶᠠᠷᠤᠨ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠨᠠᠷᠠᠰᠤᠨ ᠭᠤᠤᠯ᠂ ᠪᠠᠶ ᠴᠢᠤᠸᠠᠨ ᠱᠠᠨ ᠠᠭᠤᠯᠠ ᠶᠢᠨ ᠴᠢᠳᠠᠮᠵᠢ ᠶᠢᠨ ᠢᠵᠢ ᠪᠥᠷᠢᠳᠦᠭᠦᠯᠦᠯᠲᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠷᠦ᠋ ᠢ ᠶᠡᠭᠡ ᠵᠡᠭᠡᠯᠢ ᠵᠡᠷᠭᠡ 5  ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠣᠯᠠᠨ ᠲᠦᠮᠡᠨ ᠤ ᠰᠣᠶᠣᠯ ᠰᠡᠯᠡᠭᠦᠴᠡᠯ᠂ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠡᠳᠦᠷ ᠲᠤᠲᠤᠮ ᠤᠨ ᠠᠷᠠᠴᠢᠯᠠᠭ᠎ᠠ ᠶᠢ ᠴᠢᠩᠭᠠᠳᠬᠠᠵᠤ᠂ ᠨᠣᠭᠤᠭᠠᠷᠠᠭᠤᠯᠤᠯᠲᠠ ᠶᠢᠨ ᠪᠦᠰᠡ ᠶᠢ ᠨᠥᠬᠦᠵᠦ ᠳᠠᠷᠢᠵᠤ ᠨᠥᠬᠦᠵᠦ ᠣᠶᠢᠵᠢᠭᠤᠯᠬᠤ ᠶᠢ ᠴᠠᠭ ᠲᠤᠬᠠᠶ ᠳᠤᠨᠢ ᠪᠡᠶᠡᠯᠡᠭᠦᠯᠵᠦ᠂ ᠨᠣᠭᠤᠭᠠᠷᠠᠭᠤᠯᠤᠯᠲᠠ ᠶᠢ ᠬᠠᠶᠢᠷᠠᠯᠠᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ ᠲᠡᠵᠢᠭᠡᠬᠦ ᠨᠡᠶᠢᠭᠡᠮ ᠤᠨ ᠬᠡᠪ ᠰᠤᠷᠲᠠᠯ ᠢ ᠶᠡᠬᠡᠪᠡᠷ ᠰᠠᠨᠠᠭᠠᠴᠢᠯᠠᠵᠤ᠂ ᠰᠢᠯᠢᠳᠡᠭ ᠬᠢᠷᠢ ᠪᠦᠲᠦᠮᠵᠢ ᠪᠠᠷ ᠤᠯᠤᠰ ᠤᠨ ᠴᠡᠴᠡᠷᠯᠢᠭᠵᠢᠭᠰᠡᠨ ᠬᠤᠲᠠ ᠶᠢᠨ ᠳᠠᠬᠢᠨ ᠪᠠᠶᠢᠴᠠᠭᠠᠯᠲᠠ ᠶᠢ ᠥᠩᠭᠡᠷᠡᠭᠡᠬᠦ ᠬᠡᠷᠡᠭᠲᠡᠶ᠃     ︵ᠵᠢᠷᠭᠤᠭ᠎ᠠ︶ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠬᠦᠴᠦᠯᠡᠨ ᠬᠢᠵᠦ᠂ ᠬᠦᠴᠢᠷ ᠠᠰᠠᠭᠤᠳᠠᠯ ᠢ ᠰᠢᠶᠳᠪᠦᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠠᠵᠢᠯ ᠢ ᠰᠠᠶᠢᠲᠤᠷ ᠠᠳᠬᠤᠵᠤ᠂ ᠵᠡᠮᠳᠡᠭᠴᠦᠳ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠵᠡᠷᠭᠡ ᠬᠦᠴᠢᠷᠳᠡᠯ ᠲᠠᠢ ᠬᠥᠮᠦᠰ ᠢ ᠬᠠᠪᠰᠤᠷᠤᠨ ᠲᠡᠳᠬᠦᠵᠦ᠂ ᠬᠤᠳᠠ ᠪᠠᠯᠭᠠᠰᠤᠨ ᠳᠤ 4500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ︽ᠠᠵᠢᠯ ᠣᠯᠤᠭᠰᠠᠨ ᠬᠥᠮᠦᠨ ᠦᠭᠡᠢ︾ ᠭᠡᠷ ᠪᠦᠯᠢ ᠶᠢ ᠬᠥᠳᠡᠯᠦᠩᠭᠦᠶ ᠪᠠᠷ  ᠬᠠᠪᠰᠤᠷᠬᠤ ᠶᠢ ᠦᠨᠡᠨ ᠬᠦ ᠪᠠᠲᠤᠯᠠᠪᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠤ᠂ ᠣᠨᠴᠠ ᠬᠦᠴᠢᠷᠳᠡᠯ ᠲᠠᠢ ᠬᠥᠮᠦᠰ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠣᠨᠴᠠ ᠬᠦᠴᠢᠷᠳᠡᠯ ᠲᠠᠢ ᠬᠠᠮᠲᠤᠯᠢᠭ ᠤᠨ ᠪᠠᠲᠤᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ︽ᠨᠠᠰᠤᠲᠠᠨ ᠪᠠ ᠪᠠᠭᠠᠴᠤᠳ︾᠎ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠶᠤᠨᠲᠤ ᠨᠠᠰᠤᠵᠢᠯ ᠤᠨ ᠠᠰᠠᠷᠠᠮᠵᠢ ᠪᠠ ᠨᠡᠶᠢᠭᠡᠮ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠨᠢᠯᠬ᠎ᠠ ᠬᠡᠦᠬᠡᠳ ᠢ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡᠨᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠭᠦᠨᠵᠡᠭᠡᠢ ᠬᠡᠷᠡᠭᠵᠢᠭᠦᠯᠵᠦ᠂ ︽ᠬᠤᠶᠠᠷ ᠢ ᠪᠠᠭᠠᠰᠬᠠᠬᠤ︾ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ︽ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾᠎ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠠᠶᠢᠭᠤᠯᠵᠤ᠂ ᠪᠦᠯᠦᠭᠯᠡᠯᠵᠢᠭᠦᠯᠦᠨ ᠰᠤᠷᠭᠠᠭᠤᠯᠢ ᠡᠷᠭᠢᠯᠡᠬᠦ ᠶᠢ ᠦᠷᠭᠦᠯᠵᠢᠯᠡᠨ ᠠᠬᠢᠭᠤᠯᠵᠤ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠯᠤᠭ᠎ᠠ ᠬᠠᠮᠲᠤᠷᠠᠨ ᠰᠤᠷᠭᠠᠭᠤᠯᠢ ᠡᠷᠭᠢᠯᠡᠬᠦ ᠡᠷᠴᠢᠮ ᠢᠶᠠᠨ ᠭᠦᠨᠵᠡᠭᠡᠶᠢᠷᠡᠭᠦᠯᠦᠨ᠂  ᠲᠤᠭᠤᠷᠢᠭ ᠤᠨ ᠬᠠᠷᠢᠶ᠎ᠠ 20 ᠠᠯᠪᠠᠨ ᠠᠴᠠ ᠪᠠᠶᠢᠭᠤᠯᠤᠭᠰᠠᠨ ᠰᠤᠷᠭᠠᠭᠤᠯᠢ ᠬᠢᠭᠡᠳ ᠰᠤᠷᠭᠠᠨ ᠬᠥᠮᠦᠵᠢᠯ ᠤᠨ ᠲᠡᠷᠢᠭᠦᠨ ᠤ ᠭᠠᠵᠠᠷ ᠣᠷᠣᠨ ᠯᠤᠭ᠎ᠠ ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠰᠤᠷᠭᠠᠭᠤᠯᠢ ᠡᠷᠭᠢᠯᠡᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠴᠠᠬᠠᠷ ᠪᠠᠭ᠎ᠠ ᠰᠤᠷᠭᠠᠭᠤᠯᠢ᠂ ᠶᠦᠩ ᠠᠨ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠠᠷᠪᠠᠨ ᠲᠠᠪᠤᠳᠤᠭᠠᠷ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠨ᠎ᠠ᠃  ᠲᠤᠭᠤᠷᠢᠭ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠷᠡᠳᠤ ᠪᠠᠭᠰᠢ᠂ ᠭᠤᠣᠯᠯᠠᠭᠴᠢ ᠪᠠᠭᠰᠢ ᠶᠢ ᠰᠣᠯᠢᠯᠴᠠᠬᠤ ᠡᠷᠴᠢᠮ ᠢ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠤᠨ᠎ᠠ᠃ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠷᠡᠭᠦᠯ ᠡᠩᠭᠡ ᠵᠢᠨᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠡᠭᠡᠵᠢᠩ ᠤᠨ ᠴᠠᠩ ᠴᠦᠨ ᠲᠧᠩ ᠡᠮᠨᠡᠯᠭᠡ ᠶᠢᠨ ᠤᠬᠠᠭᠠᠨ ᠤ ᠳᠡᠭᠡᠳᠦ ᠲᠠᠰ ᠤᠨ ᠴᠢᠳᠠᠪᠤᠷᠢᠲᠠᠨ ᠯᠤᠭ᠎ᠠ ᠶᠢᠨ ᠬᠤᠯᠪᠣᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠵᠢᠷᠦᠬᠡ᠂ ᠶᠠᠰᠤᠨ ᠤ ᠰᠠᠯᠠᠭ᠎ᠠ ᠵᠡᠷᠭᠡ ︽ᠵᠢᠷᠭᠤᠭᠠᠨ ᠶᠡᠭᠡ ᠲᠥᠪ︾ ᠪᠠᠶᠢᠭᠤᠯᠬᠤ ᠶᠢ ᠳᠡᠮᠵᠢᠵᠦ᠂ ︽ᠡᠮᠴᠢᠯᠡᠭᠡ +  ᠢᠨᠲ᠋ᠧᠷ ᠰᠦᠯᠵᠢᠶ᠎ᠡ︾ ︽ᠨᠠᠷᠠᠲᠤ ᠡᠮᠴᠢ + ᠲᠤᠰᠬᠠᠶ ᠡᠮᠴᠢᠯᠡᠭᠡ︾᠎ ᠶᠢᠨ ᠲᠣᠭᠲᠠᠴᠠ ᠶᠢ ᠳᠡᠯᠭᠡᠷᠡᠭᠦᠯᠦᠨ᠂ ᠭᠤᠷᠪᠠᠳᠤᠭᠠᠷ ᠳᠡᠰ ᠂ ᠬᠥᠬᠡᠭᠴᠢᠨ ᠲᠠᠰ ᠤᠨ ᠡᠮᠨᠡᠯᠭᠡ ᠶᠢᠨ ᠬᠤᠷᠢᠶ᠎ᠠ ᠶᠢ ᠴᠢᠷᠮᠠᠶᠢᠨ ᠪᠠᠶᠢᠭᠤᠯᠤᠨ᠎ᠠ ᠃  ᠬᠢᠲᠠᠳ ᠮᠣᠩᠭᠤᠯ  ᠡᠮᠨᠡᠯᠭᠡ ᠶᠢᠨ ᠬᠤᠷᠢᠶ᠎ᠠ ᠬᠢᠭᠡᠳ ᠹᠦ᠋ ᠷᠦᠢ ᠪᠦᠯᠦᠭᠯᠡᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠰᠢᠨ᠎ᠡ ᠡᠮᠨᠡᠯᠭᠡ ᠶᠢᠨ ᠬᠤᠷᠢᠶ᠎ᠠ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂  ᠬᠢᠲᠠᠳ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠠᠮᠤᠭᠤᠯᠠᠩ ᠣᠷᠣᠨ ᠰᠠᠭᠤᠴᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ᠂ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠤᠯᠠᠭᠠᠨᠴᠠᠪ ᠤᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠪᠠ ᠨᠡᠭᠦᠳᠡᠯ ᠮᠥᠰᠥᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠣᠯᠠᠨ ᠤᠯᠤᠰ ᠤᠨ ᠮᠠᠷᠠᠰᠤᠨ ᠤᠷᠤᠯᠳᠤᠭᠠᠨ ᠵᠡᠷᠭᠡ ᠨᠢᠭᠡ ᠪᠦᠯᠦᠭ ᠨᠥᠯᠥᠭᠡᠯᠡᠬᠦ ᠬᠦᠴᠦᠨ ᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠢᠳᠡᠪᠬᠢᠲᠡᠶ ᠪᠠᠷ ᠳᠠᠭᠠᠭᠠᠨ ᠡᠷᠭᠢᠯᠡᠵᠦ᠂  ᠲᠤᠭᠤᠷᠢᠭ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠢᠱᠢᠶᠡᠴᠢ ᠲᠣᠭᠤᠷᠢᠭ ᠢ ᠴᠢᠷᠮᠠᠶᠢᠨ ᠡᠭᠦᠳᠦᠨ ᠪᠠᠶᠢᠭᠤᠯᠤᠨ᠎ᠠ᠃    ︵ᠳᠣᠯᠤᠭ᠎ᠠ︶ ᠪᠥᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠨ᠂ ᠲᠣᠭᠲᠠᠭᠤᠨ ᠢ ᠬᠠᠮᠠᠭᠠᠯᠠᠵᠤ ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠭᠤᠶᠢᠪᠢᠰᠢ ᠦᠭᠡᠢ ᠪᠠᠷ  ᠲᠤᠭᠤᠰᠢᠯᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠲᠠᠯᠳᠠ ᠭᠡᠮ ᠢ ᠬᠦᠴᠦᠯᠡᠨ ᠰᠡᠷᠭᠡᠶᠢᠯᠡᠨ ᠠᠷᠢᠯᠭᠠᠵᠤ᠂ ︽ᠦᠯᠡᠳᠡᠭᠳᠡᠯ ᠠᠰᠠᠭᠤᠳᠠᠯ ᠤᠨ ᠪᠡᠷᠬᠡ ᠰᠡᠳᠦᠪ ᠢ ᠰᠢᠶᠳᠪᠦᠷᠢᠯᠡᠬᠦ ᠣᠨ︾᠎ ᠤ ᠲᠤᠰᠬᠠᠶ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠰᠢᠨ᠎ᠡ ᠪᠠᠷ ᠳᠡᠯᠭᠡᠷᠡᠬᠦ ᠬᠢᠵᠢᠭ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ ᠪᠠᠶᠢᠳᠠᠯ ᠰᠢᠨ᠎ᠡ ᠡᠭᠦᠷᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠱᠠᠲᠤᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ ᠭᠤᠣᠯᠳᠠᠯᠭ᠎ᠠ ᠪᠠᠨ ︽ᠬᠠᠯᠳᠠᠪᠤᠷᠢᠯᠠᠯ ᠢ ᠰᠡᠷᠭᠡᠶᠢᠯᠡᠬᠦ︾᠎ ᠠᠴᠠ ︽ᠡᠷᠡᠭᠦᠯ ᠮᠡᠨᠳᠦ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ︾ ᠳᠡᠭᠡᠷ᠎ᠡ ᠰᠢᠯᠵᠢᠭᠦᠯᠵᠦ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ ᠦᠨᠡᠨ ᠬᠦ ᠰᠠᠶᠢᠲᠤᠷ ᠪᠠᠲᠤᠯᠠᠵᠤ᠂ ᠨᠠᠰᠤᠲᠠᠶᠢᠴᠤᠳ ᠪᠠ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠬᠠᠮᠲᠤᠯᠢᠭ ᠢ ᠰᠡᠷᠭᠡᠶᠢᠯᠡᠨ ᠡᠵᠡᠮᠳᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠦᠬᠦ ᠬᠥᠮᠦᠰ ᠢᠯᠠᠩᠭᠤᠶ᠎ᠠ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ  ᠬᠡᠮᠵᠢᠶ᠎ᠡ ᠪᠠᠷ ᠪᠠᠭᠠᠰᠬᠠᠨ᠎ᠠ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠴᠢᠩᠭ᠎ᠠ ᠨᠡᠮᠡᠭᠳᠡᠯ ᠤᠨ ᠬᠡᠮᠵᠢᠶ᠎ᠡ ᠶᠢ ᠬᠤᠷᠢᠭᠯᠠᠨ᠂ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠵᠤ᠂ ᠪᠠᠶᠢᠩᠭᠤ ᠶᠢᠨ ᠬᠢᠨᠠᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠢᠨ᠎ᠡ ᠪᠠᠷ ᠨᠡᠮᠡᠭᠳᠡᠬᠦ ᠳᠠᠯᠳᠠ ᠥᠭᠴᠡᠭᠡ ᠪᠠᠷ ᠳᠠᠮᠵᠢᠭᠤᠯᠤᠨ ᠰᠢᠨ᠎ᠡ ᠲᠥᠷᠥᠯ ᠵᠦᠶᠯ ᠪᠠᠶᠢᠭᠤᠯᠬᠤ᠂ ᠰᠢᠨ᠎ᠡ ᠳᠡᠯᠭᠡᠭᠡ ᠮᠠᠶᠢᠮᠠᠶ ᠭᠠᠷᠭᠠᠬᠤ ᠶᠢ ᠡᠷᠡᠰ ᠬᠤᠷᠢᠭᠯᠠᠬᠤ ᠬᠡᠷᠡᠭᠲᠡᠶ᠃ ᠡᠯ᠎ᠡ ᠲᠦᠷᠦᠯ ᠤᠨ ᠪᠡᠯᠡ ᠮᠥᠩᠭᠦ ᠡᠳ᠋ ᠬᠦᠷᠦᠩᠭᠡ ᠶᠢᠨ ᠡᠬᠢ ᠪᠠᠶᠠᠯᠢᠭ ᠢ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠢᠳᠤᠯᠢᠭ ᠪᠣᠯᠭᠠᠵᠤ᠂ ᠤᠯᠠᠨ ᠵᠦᠢᠯ ᠤᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ ᠦᠯᠡᠳᠡᠭᠡᠯ ᠥᠭᠴᠡᠭᠡ ᠶᠢ ᠰᠢᠶᠳᠪᠦᠷᠢᠯᠡᠨ᠎ᠡ᠃ ᠮᠥᠩᠭᠦᠨ ᠭᠦᠢᠯᠭᠡᠭᠡᠨ ᠤ ᠮᠡᠬᠡᠯᠡᠯ᠂ ᠮᠠᠭᠤ ᠰᠠᠨᠠᠭ᠎ᠠ ᠲᠠᠢ ᠪᠠᠷ ᠥᠷᠢ ᠥᠭᠴᠡᠭᠡ ᠠᠴᠠ ᠵᠠᠶᠢᠯᠠᠬᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ ᠠᠮᠤᠷ ᠲᠦᠪᠰᠢᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠠᠮᠤᠷ ᠲᠠᠶᠢᠪᠤᠩ ᠵᠢᠨᠢᠩ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠶᠤᠯᠭᠦᠶ ᠦᠢᠯᠡᠳᠪᠦᠷᠢᠯᠡᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠤᠢ ᠰᠢᠭᠤᠶ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠂  ᠰᠢᠨ᠎ᠡ ᠴᠠᠭ ᠦᠶ᠎ᠡ ᠶᠢᠨ ︽ᠹᠸᠡᠭ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠲᠣᠬᠢᠲᠠᠶ ᠰᠢᠶᠳᠪᠦᠷᠢᠯᠡᠨ᠎ᠡ᠃ ︽ᠣᠷᠣᠨ ᠰᠠᠭᠤᠴᠠ ᠪᠠ ᠣᠷᠣᠨ ᠰᠠᠭᠤᠴᠠ ᠶᠢ ᠰᠠᠷᠢᠭᠠᠯᠠᠬᠤ ᠥᠬᠡᠶ︾ ᠪᠠᠶᠢᠬᠤ ᠶᠢ ᠪᠠᠷᠢᠮᠲᠠᠯᠠᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽  ᠪᠠᠲᠤᠯᠠᠭᠠᠲᠤ ᠠᠰᠠᠷ︾᠎ ᠢ   ᠪᠠᠶᠢᠭᠤᠯᠬᠤ ᠶᠢ ᠠᠬᠢᠭᠤᠯᠵᠤ᠂ ᠢᠯᠠᠩᠭᠤᠶ᠎ᠠ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ︽ᠭᠤᠷᠪᠠᠨ ᠪᠡᠷᠬᠡ ︾᠎  ᠠᠰᠠᠭᠤᠳᠠᠯ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢᠨ ᠲᠠᠯ᠎ᠠ ᠪᠠᠷ ᠳᠠᠬᠢᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠬᠢᠨ ᠴᠢᠩᠭᠠᠷᠠᠭᠤᠯᠤᠨ᠂ ᠠᠬᠢᠭᠤᠯᠬᠤ ᠲᠠᠯ᠎ᠠ ᠪᠠᠷ ᠳᠠᠬᠢᠨ ᠬᠦᠴᠦ ᠣᠷᠣᠭᠤᠯᠵᠤ᠂ ᠡᠨᠡ ᠵᠢᠯ ᠤᠨ ᠳᠣᠲᠣᠷ᠎ᠠ ᠪᠦᠬᠦᠨ ᠢ ᠰᠢᠶᠳᠪᠦᠷᠢᠯᠡᠬᠦ ᠪᠠᠷ ᠴᠢᠷᠮᠠᠶᠢᠨ᠎ᠠ᠃     ᠡᠭᠦᠨ ᠤ ᠬᠠᠮᠲᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠴᠢᠷᠮᠠᠶᠢᠨ ᠪᠠᠶᠢᠭᠤᠯᠤᠨ᠎ᠠ ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠢᠳᠠᠨ ᠵᠡᠷᠭᠡ ᠠᠷᠠᠳ ᠤᠨ ᠪᠦᠯᠬᠦᠮ ᠤᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠲᠡᠮᠵᠢᠵᠤ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠲᠤᠭ᠎ᠠ ᠪᠦᠷᠢᠳᠬᠡᠯ᠂ ᠬᠢᠨᠠᠨ ᠪᠤᠳᠤᠯᠳᠠ᠂ ᠴᠠᠭ ᠠᠭᠤᠷ᠂ ᠲᠠᠩᠰᠠ ᠡᠪᠬᠡᠮᠡᠯ᠂ ᠬᠠᠮ ᠵᠠᠭᠤᠴᠢᠯᠠᠭᠤᠷ᠂ ᠠᠬᠠᠮᠠᠳ ᠺᠠᠳ᠋ᠷᠴᠤᠳ᠂ ᠨᠠᠰᠤᠲᠠᠶᠢᠴᠤᠳ ᠪᠠ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠦᠢᠯᠡᠰ ᠤᠨ ᠢᠮᠠᠭᠲᠠ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢᠶᠠᠷ ᠯᠠᠪᠳᠠᠭᠤᠨ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ  ᠴᠢᠩᠭᠠᠳᠬᠠᠨ᠎ᠠ    ᠰᠢᠨ᠎ᠡ ᠠᠶᠠᠨ ᠵᠠᠮ ᠳᠤ ᠰᠢᠨ᠎ᠡ ᠡᠭᠦᠷᠭᠡ ᠳᠠᠭᠠᠭᠠᠯᠭᠠᠵᠤ᠂ ᠰᠢᠨ᠎ᠡ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠬᠦᠰᠡᠨ ᠱᠠᠭᠠᠷᠳᠠᠵᠤ ᠪᠠᠶᠢᠨ᠎ᠠ᠃ ᠰᠢᠨᠡᠴᠢᠯᠡᠯᠲᠡ ᠶᠢᠨ ᠰᠥᠰᠥ ᠵᠣᠷᠢᠭ ᠢᠶᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠥᠷᠯᠥᠭᠡ ᠦᠳᠡᠰᠢ ᠶᠢ ᠲᠡᠮᠡᠴᠡᠨ ᠨᠡᠶᠢᠲᠡ ᠶᠢᠨ ᠲᠥᠯᠥᠭᠡ ᠵᠢᠳᠬᠦᠬᠦ ᠬᠠᠷᠢᠭᠤᠴᠠᠯᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠤᠨ ᠪᠠᠶᠢᠳᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠢ᠃    ︵ᠨᠢᠭᠡ︶ ᠬᠠᠷᠢᠴᠠᠯᠠᠰᠢᠭᠦᠶ ᠦᠨᠡᠨᠴᠢ ᠰᠢᠳᠤᠷᠭᠤ ᠪᠠᠶᠢᠬᠤ ᠨᠢᠭᠡᠳᠦᠭᠡᠷ ᠱᠠᠭᠠᠷᠳᠠᠯᠭ᠎ᠠ ᠶᠢ ᠪᠠᠲᠤ ᠴᠡᠭᠡᠵᠢᠯᠡᠨ᠎ᠡ᠃ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾᠎ ᠶᠢ  ᠬᠠᠮᠠᠭᠠᠯᠠᠵᠤ᠂ ︽ᠲᠦᠷᠪᠡᠨ ᠤᠬᠠᠮᠰᠠᠷ︾᠎ ᠢ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠢᠮᠠᠭᠲᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠢᠮᠠᠭᠲᠠ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾᠎ ᠶᠢ ᠪᠠᠭᠲᠠᠭᠠᠵᠤ᠂ ︽ᠤᠯᠤᠰ ᠤᠨ ᠶᠡᠭᠡ ᠲᠠᠯ᠎ᠠ︾᠎ ᠲᠠᠢ ᠰᠡᠳᠬᠢᠯ ᠵᠢᠷᠦᠬᠡ ᠪᠠᠨ ᠬᠤᠯᠪᠣᠵᠤ᠂ ︽ᠤᠯᠤᠰ ᠲᠥᠷᠥ ᠶᠢᠨ ᠭᠤᠷᠪᠠᠨ ᠬᠦᠴᠦᠨ︾᠎ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠲᠦᠮᠵᠢᠲᠡᠶ  ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ᠂ ᠵᠠᠷᠯᠢᠭ ᠴᠠᠭᠠᠵᠠ ᠶᠢ ᠲᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠨᠢᠭᠡᠳᠦᠭᠡᠷ ᠪᠠᠷᠢᠮᠵᠢᠶ᠎ᠠ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠵᠢᠨᠢᠩ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠪᠠᠷᠢᠮᠲᠠᠯᠠᠨ᠂  ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠶ ᠪᠠᠷ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠤᠨ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠠᠵᠢᠯ ᠢᠶᠠᠨ ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢ ᠵᠢᠷᠤᠮᠵᠢᠭᠤᠯᠬᠤ᠂ ᠳᠡᠰ ᠳᠠᠷᠠᠭᠠᠵᠢᠭᠤᠯᠬᠤ᠂ ᠬᠠᠤᠯᠢᠵᠢᠭᠤᠯᠬᠤ ᠶᠢ ᠠᠬᠢᠭᠤᠯᠤᠨ᠎ᠠ᠃  ᠲᠤᠭᠤᠷᠢᠭ ᠤᠨ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ ᠶᠢ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠪᠠᠷᠢᠬᠤ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠬᠦᠯᠢᠶᠡᠵᠦ᠂ ᠬᠢᠨᠠᠨ ᠪᠤᠳᠤᠬᠤ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠂ ᠡᠷᠬᠡ ᠶᠢᠨ ᠠᠵᠢᠯᠯᠠᠭ᠎ᠠ ᠶᠢ ᠴᠢᠩᠭᠠᠳᠬᠠᠨ᠎ᠠ᠃    ︵ᠭᠤᠷᠪᠠ︶ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ ᠪᠠᠷ ᠨᠢᠭᠡᠳᠦᠭᠡᠷ ᠤᠳᠤᠷᠢᠳᠤᠮᠵᠢ ᠪᠣᠯᠭᠠᠨ᠎ᠠ᠃ ︽ᠲᠤᠯᠤᠭ᠎ᠠ ᠶᠢ ᠲᠠᠶᠠᠭᠳᠠᠬᠤ︾᠂ ︽ᠵᠢᠷᠭᠤᠭ᠎ᠠ ᠶᠢ ᠬᠤᠪᠢᠷᠠᠭᠤᠯᠬᠤ︾᠎ ᠶᠢ ᠪᠡᠶᠡᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ︽ᠥᠨᠥᠳᠦᠷ ᠬᠡᠳᠦᠶ ᠤᠷᠤᠢ ᠪᠣᠯᠤᠭᠰᠠᠨ ᠴᠤ ᠡᠷᠲᠡ᠂ ᠮᠠᠷᠭᠠᠰᠢ ᠬᠡᠳᠦᠶ ᠡᠷᠲᠡ ᠪᠣᠯᠤᠭᠰᠠᠨ ᠴᠤ ᠣᠷᠦ᠋ᠢᠲᠠᠬᠤ︾ ᠣᠶᠢᠯᠠᠭᠠᠭᠳᠠᠬᠤᠨ ᠢ ᠰᠠᠨᠠᠭᠠᠴᠢᠯᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠥᠨᠳᠥᠷ ᠪᠦᠲᠦᠮᠵᠢᠲᠡᠶ ᠪᠠᠷ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠲᠣᠭᠲᠠᠴᠠ᠂ ᠠᠵᠢᠯᠴᠢ ᠬᠥᠳᠡᠯᠮᠦᠷᠢᠴᠢ ᠶᠢ ᠱᠠᠩᠨᠠᠵᠤ᠂ ᠠᠯᠵᠠᠭᠤ ᠵᠠᠯᠬᠠᠭᠤ ᠶᠢ ᠲᠣᠷᠭᠠᠵᠤ ᠤᠷᠮᠠᠰᠢᠭᠤᠯᠬᠤ ᠲᠣᠭᠲᠠᠴᠠ ᠪᠠ ᠪᠠᠶᠢᠩᠭᠤᠵᠢᠭᠤᠯᠤᠭᠰᠠᠨ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠥᠳᠡᠯᠭᠡᠬᠦ ᠬᠦᠴᠦᠨ ᠬᠦᠷᠦᠯᠴᠡᠬᠦ ᠥᠬᠡᠶ ︽ᠬᠢᠬᠦ ᠰᠠᠨᠠᠭ᠎ᠠ ᠥᠬᠡᠶ︾᠂ ᠡᠭᠦᠷᠭᠡᠯᠡᠯ ᠬᠦᠷᠦᠯᠴᠡᠬᠦ ᠥᠬᠡᠶ ︽ᠬᠢᠬᠦ ᠵᠣᠷᠢᠭ ᠥᠬᠡᠶ︾᠂ ᠴᠢᠳᠠᠪᠤᠷᠢ ᠬᠦᠷᠦᠯᠴᠡᠬᠦ ᠥᠬᠡᠶ ︽ᠬᠢᠵᠦ ᠳᠡᠶᠢᠯᠬᠦ ᠥᠬᠡᠶ︾ ᠪᠠᠶᠢᠬᠤ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠠᠵᠢᠯ ᠬᠢᠬᠦ ᠶᠢ ᠪᠤᠳᠤᠬᠤ᠂ ᠵᠣᠷᠢᠭᠲᠠᠶ ᠬᠢᠬᠦ᠂ ᠴᠢᠳᠠᠮᠠᠭᠠᠶ ᠪᠠᠷ ᠬᠢᠬᠦ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠬᠤ ᠬᠡᠷᠡᠭᠲᠡᠶ᠃    ︵ᠳᠥᠷᠪᠡ︶ ᠠᠷᠠᠳ ᠲᠦᠮᠡᠨ ᠳᠤ ᠪᠤᠶᠠᠨ ᠦᠶᠯᠡᠳᠬᠦ ᠨᠢᠭᠡᠳᠦᠭᠡᠷ ᠬᠠᠷᠢᠭᠤᠴᠠᠯᠭ᠎ᠠ ᠶᠢ ᠪᠣᠳᠠᠲᠠᠶ ᠪᠠᠷ ᠠᠳᠬᠤᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠢᠮᠠᠭᠲᠠ ᠤᠯᠠᠨ ᠲᠦᠮᠡᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠤᠴᠢᠷ ᠶᠠᠪᠤᠳᠠᠯ ᠪᠦᠲᠦᠭᠡᠬᠦ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢ ᠠᠷᠠᠳ ᠤᠨ ᠠᠮᠢᠳᠤᠷᠠᠯ ᠲᠡᠰᠢ ᠲᠥᠪᠯᠡᠷᠡᠭᠦᠯᠬᠦ᠂ ᠡᠳ᠋ ᠤᠨ ᠬᠦᠴᠦᠨ ᠢ ᠠᠷᠠᠳ ᠤᠨ ᠠᠮᠢᠳᠤᠷᠠᠯ ᠲᠡᠰᠢ ᠬᠡᠯᠪᠠᠶᠢᠯᠭᠡᠬᠦ᠂ ᠦᠢᠯᠡᠴᠢᠯᠡᠭᠡ ᠶᠢ ᠠᠷᠠᠳ ᠤᠨ ᠠᠮᠢᠳᠤᠷᠠᠯ ᠲᠡᠰᠢ ᠪᠦᠷᠬᠦᠭᠦᠯᠬᠦ ᠶᠢ ᠠᠬᠢᠭᠤᠯᠤᠨ᠎ᠠ᠃ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠶᠢ ᠬᠠᠮᠤᠭ ᠤᠨ ᠳᠡᠭᠡᠳᠦ ᠬᠥᠭᠡᠭᠡᠴᠡᠯᠳᠦᠯ ᠢᠶᠠᠨ ᠪᠣᠯᠭᠠᠵᠤ᠂ ᠳᠤᠷᠠᠲᠠᠶ᠎ᠠ ᠤᠯᠠᠨ ᠲᠦᠮᠡᠨ ᠳᠤ ᠦᠢᠯᠡᠴᠢᠯᠡᠬᠦ᠂ ᠳᠤᠷᠠᠲᠠᠶ᠎ᠠ ᠬᠥᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠬᠠᠮᠢᠶᠠᠷᠤᠯᠲᠠ ᠶᠢᠨ ᠡᠷᠬᠡ ᠶᠢ ᠠᠷᠠᠳ ᠤᠯᠠᠨ ᠠᠴᠠ ᠬᠠᠮᠤᠭ ᠤᠨ ᠤᠶᠢᠷ᠎ᠠ ᠭᠠᠵᠠᠷ ᠲᠤ ᠲᠠᠯᠪᠢᠵᠤ᠂ ᠠᠵᠤ ᠠᠬᠤᠶ ᠶᠢᠨ ᠬᠠᠮᠢᠶᠠᠷᠤᠯᠲᠠ ᠶᠢᠨ ᠡᠷᠬᠡ ᠶᠢ ᠵᠠᠬ᠎ᠠ ᠳᠡᠯᠭᠡᠭᠦᠷ ᠠᠴᠠ ᠬᠠᠮᠤᠭ ᠤᠨ ᠤᠶᠢᠷ᠎ᠠ ᠭᠠᠵᠠᠷ ᠲᠤ ᠲᠠᠯᠪᠢᠵᠤ᠂ ᠳᠥᠭᠦᠮ ᠳᠥᠲᠡ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠦᠢᠯᠡᠴᠢᠯᠡᠭᠡᠨ ᠤ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃     ︵ᠲᠠᠪᠤ︶ ᠲᠥᠪ ᠭᠤᠣᠯᠴᠢ ᠠᠷᠢᠭᠤᠨ ᠴᠢᠬᠡᠴᠢ ᠶᠢᠨ ᠨᠢᠭᠡᠳᠦᠭᠡᠷ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠭᠤᠣᠯᠳᠠᠯᠭ᠎ᠠ ᠲᠠᠢ ᠬᠦᠷᠢᠶᠡᠨ ᠤ ᠳᠤᠪᠤᠶᠢᠮ᠎ᠠ ᠠᠰᠠᠭᠤᠳᠠᠯ ᠢ  ᠴᠡᠭᠴᠡᠯᠡᠨ ᠵᠠᠰᠠᠵᠤ᠂ ᠳᠤᠷ᠎ᠠ ᠪᠠᠷ ᠢᠶᠠᠨ ᠦᠢᠯᠡᠳᠬᠦ᠂ ᠠᠵᠢᠯ ᠬᠢᠬᠦ ᠦᠭᠡᠢ ᠪᠠᠶᠢᠬᠤ ᠶᠢ ᠴᠢᠩᠭ᠎ᠠ ᠪᠠᠶᠢᠴᠠᠭᠠᠵᠤ᠂ ᠴᠢᠩᠭ᠎ᠠ ᠪᠠᠶᠢᠴᠠᠭᠠᠬᠤ ᠶᠠᠪᠤᠴᠠ ᠳᠤ ᠲᠦᠭᠵᠢᠷᠡᠵᠦ᠂ ᠪᠡᠶ᠎ᠡ ᠠᠴᠠ ᠪᠡᠨ‌ᠵᠠᠶᠢᠯᠠᠭᠤᠯᠵᠤ᠂  ᠦᠷ᠎ᠡ ᠳ᠋ᠦᠩ ᠦᠭᠡᠢ ᠪᠠᠶᠢᠬᠤ ᠶᠢ ᠴᠢᠩᠭ᠎ᠠ ᠪᠠᠶᠢᠴᠠᠭᠠᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾᠎ ᠤᠨ ᠠᠰᠠᠭᠤᠳᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ ᠤ ᠺᠠᠳ᠋ᠷᠴᠤᠳ ᠢ ᠪᠣᠳᠠᠲᠤ ᠪᠠᠶᠢᠳᠠᠯ ᠢ ᠪᠠᠶᠢᠴᠠᠭᠠᠬᠤ᠂ ᠪᠣᠳᠠᠲᠠᠢ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠨᠡᠩ ᠢᠯᠡᠭᠦᠦ ᠤᠶᠤᠨ ᠴᠢᠳᠠᠯ ᠢᠶᠠᠨ ᠬᠡᠷᠡᠭᠯᠡᠭᠦᠯᠬᠦ ᠬᠡᠷᠡᠭᠲᠡᠢ᠃ ᠲᠥᠰᠦᠪ ᠤᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠴᠠᠯᠢᠩ ᠢ ᠪᠠᠲᠤᠯᠠᠵᠤ᠂ ᠠᠵᠢᠯᠯᠠᠭᠠᠨ ᠢ ᠪᠠᠲᠤᠯᠠᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ︽ᠭᠠᠮᠲᠠᠶ ᠠᠮᠢᠳᠤᠷᠠᠯ︾᠎ ᠢᠶᠠᠷ ᠠᠷᠠᠳ ᠲᠦᠮᠡᠨ ᠤ ︽ᠰᠠᠶᠢᠨ ᠠᠮᠢᠳᠤᠷᠠᠯ︾᠎ ᠢ ᠰᠣᠯᠢᠵᠤ ᠠᠪᠴᠢᠷᠠᠨ᠎ᠠ᠃      ᠲᠥᠯᠥᠭᠡᠯᠡᠭᠴᠢᠳ ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨᠲᠠᠷᠠᠰᠢ ᠦᠭᠡᠢ ᠡᠷᠴᠢ ᠵᠣᠷᠢᠭ ᠢᠶᠠᠷ ᠲᠠᠬᠢᠨ  ᠮᠤᠷᠳᠡᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠵᠢᠨᠢᠩ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ ︕ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2