ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠨᠠᠷ ᠰᠢᠨ ᠲᠢ ᠵᠠᠮ ᠤᠨ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠬᠤᠲᠠ ᠪᠠᠶᠢᠭᠤᠯᠬᠤ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/2/28
    2 ᠰᠠᠷ᠎ᠠ ᠶᠢᠨ 26᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠰᠢᠨ ᠲᠢ ᠵᠠᠮ ᠤᠨ ᠵᠡᠭᠡᠯᠢ ᠭᠤᠳᠤᠮᠵᠢ ᠳᠤ ᠭᠦᠨᠵᠡᠭᠡᠶᠢᠷᠡᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠬᠤᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠬᠦ ᠲᠤᠬᠠᠢ ᠲᠠᠬᠢᠨ ᠪᠠᠶᠢᠷᠢᠯᠠᠭᠤᠯᠤᠯᠲᠠ ᠬᠢᠵᠦ᠂ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ ᠲᠢ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠠ ᠶᠢᠨ ᠱᠦᠵᠢ ᠰᠢᠤᠸᠠᠢ ᠵᠢᠶᠦ᠋ᠨ᠂ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠯᠦ᠂ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠶᠠᠩ ᠶᠦᠩ ᠪᠢᠨ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃   ᠺᠠᠩ ᠬᠠᠶ ᠷᠦᠢ ᠤᠷᠢᠳ ᠬᠤᠵᠢᠳ ᠵᠢᠶᠠᠨ ᠰᠢᠩ ᠪᠠᠭ᠎ᠠ ᠲᠣᠭᠤᠷᠢᠭ᠂ ᠵᠠᠰᠠᠭ ᠤᠨ ᠣᠷᠳᠣᠨ ᠤ ᠨᠡᠶᠢᠲᠡ ᠶᠢᠨ ᠪᠠᠶᠢᠷᠢ ᠶᠢᠨ ᠪᠠᠶᠢᠰᠢᠩ ᠬᠡᠷ ᠤᠨ ᠲᠣᠭᠤᠷᠢᠭ᠂ ᠶᠢᠨ ᠰᠢᠤ ᠶᠤᠸᠠᠨ ᠪᠠᠭ᠎ᠠ ᠲᠣᠭᠤᠷᠢᠭ᠂ ᠳ᠋ᠢᠩ ᠰᠢᠶᠠᠩ ᠶᠤᠸᠠᠨ ᠪᠠᠭ᠎ᠠ ᠲᠣᠭᠤᠷᠢᠭ᠂ ᠷᠦ᠋ ᠢ ᠨᠡᠶᠢᠭᠡᠮ ᠲᠣᠭᠤᠷᠢᠭ ᠤᠨ ᠪᠠᠶᠢᠰᠢᠩ ᠬᠡᠷ ᠤᠨ ᠲᠣᠭᠤᠷᠢᠭ ᠵᠡᠷᠭᠡ ᠭᠠᠵᠠᠷ ᠲᠤ ᠬᠦᠷᠴᠦ᠂ ᠳᠠᠭᠠᠭᠠᠴᠢᠯᠠᠭᠰᠠᠨ ᠬᠡᠰᠡᠭ ᠤᠨ ᠣᠷᠣᠨ ᠪᠦᠰᠡ ᠶᠢᠨ ᠪᠣᠳᠠᠲᠠᠶ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠣᠲᠣ ᠪᠠᠶᠢᠭ᠎ᠠ ᠣᠷᠴᠢᠨ ᠠᠬᠤᠶ ᠶᠢᠨ ᠡᠷᠡᠭᠦᠯ ᠬᠠᠮᠠᠭᠠᠯᠠᠯ᠂ ᠬᠦᠷᠢᠶ᠎ᠡ ᠬᠡᠷᠡᠮ ᠢ ᠰᠡᠯᠪᠢᠨ ᠵᠠᠰᠠᠬᠤ᠂ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ ︽ᠨᠢᠰᠬᠦ ᠱᠤᠭᠤᠮ︾᠎ ᠢ ᠵᠠᠰᠠᠬᠤ ᠵᠡᠷᠭᠡ ᠲᠣᠪᠤᠶᠢᠮ᠎ᠠ ᠠᠰᠠᠭᠤᠳᠠᠯ ᠤᠨ ᠲᠤᠬᠠᠶ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠲᠣᠳᠣᠷᠬᠠᠶ ᠳᠤᠷᠠᠳᠴᠤ᠂ ᠰᠢᠪᠠᠳᠠᠨ ᠵᠢᠯᠣᠭᠤᠳᠴᠤ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠪᠠ᠃    ᠺᠠᠩ ᠬᠠᠶ ᠷᠦᠢ ᠵᠢᠭᠠᠵᠤ ᠭᠠᠷᠭᠠᠭᠰᠠᠨ ᠨᠢ᠂ ᠵᠡᠭᠡᠯᠢ ᠭᠤᠳᠤᠮᠵᠢ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠪᠣᠯᠤᠨ ᠬᠠᠮᠢᠶ᠎ᠠ ᠪᠦᠬᠦᠢ ᠡᠭᠦᠷᠭᠡ ᠴᠢᠳᠠᠪᠬᠢ ᠶᠢᠨ ᠰᠠᠯᠠᠭ᠎ᠠ ᠮᠥᠴᠢᠷ ᠤᠨ ᠬᠢᠨ ︽ᠪᠣᠭᠤᠮᠲᠠ ᠰᠢᠪᠲᠤᠯᠬᠤ︾ ᠣᠪᠣᠷ ᠪᠠᠶᠢᠳᠠᠯ ᠢᠶᠠᠷ ᠬᠤᠳᠠ ᠶᠢ ᠴᠣᠭᠴᠠᠯᠠᠬᠤ ᠬᠦᠨᠳᠦ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠤᠷᠠᠢ ᠭᠤᠭᠴᠤᠭ᠎ᠠ ᠪᠠᠨ ᠴᠢᠩᠭ᠎ᠠ ᠠᠩᠬᠠᠷᠴᠤ᠂ ᠬᠤᠲᠠ ᠪᠠᠶᠢᠭᠤᠯᠬᠤ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠮᠥᠷᠥᠨ ᠳᠡᠭᠡᠷᠡᠬᠢ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠲᠣᠬᠢᠷᠠᠭᠤᠯᠤᠯᠲᠠ ᠪᠠᠨ ᠦᠷᠭᠦᠯᠵᠢᠯᠡᠨ  ᠴᠢᠩᠭᠠᠳᠬᠠᠨ᠂ ᠵᠣᠬᠢᠴᠠᠯᠳᠤᠨ ᠬᠠᠮᠵᠢᠯᠴᠠᠬᠤ ᠪᠠᠨ ᠨᠢᠭᠲᠠᠷᠠᠭᠤᠯᠵᠤ᠂   ︽ᠠᠵᠢᠯ ᠳᠤ ᠭᠠᠷᠪᠠᠴᠤ ᠬᠦᠴᠦ ᠭᠠᠷᠭᠠᠬᠤ ᠦᠭᠡᠢ᠂ ᠠᠵᠢᠯ ᠳᠤ ᠭᠠᠷᠪᠠᠴᠤ ᠦᠷ᠎ᠡ ᠪᠦᠲᠦᠮᠵᠢ ᠤᠯᠬᠤ ᠦᠭᠡᠢ︾ ᠦᠵᠡᠭᠳᠡᠯ ᠭᠠᠷᠬᠤ ᠶᠢ ᠡᠷᠡᠰ ᠬᠤᠷᠢᠭᠯᠠᠵᠤ᠂ ᠬᠠᠷᠠᠯᠲᠠ ᠲᠠᠢ ᠪᠠᠷ ᠰᠤᠮᠤ ᠬᠠᠷᠪᠤᠨ᠂ ᠡᠭᠦᠳᠦᠨ ᠪᠠᠶᠢᠭᠤᠯᠬᠤ ᠲᠦᠪᠰᠢᠨ ᠎ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠎ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃                      ᠣᠷᠴᠢᠭᠤᠯᠤᠭᠴᠢ᠄ ᠳ᠋ᠦᠩ ᠾᠦᠢ 
 
ᠢᠷᠡᠯᠲᠡ᠄ ᠵᠢᠨᠢᠩ ᠲᠣᠭᠣᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2