| | | | | | | | 2 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠮᠠᠨ ᠤ | ᠲᠤᠭᠤᠷᠢᠭ ᠤᠨ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ | ᠰᠤᠳᠤᠯᠤᠯᠲᠠ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠣᠳᠠᠲᠠᠶ | ᠭᠠᠵᠠᠷ ᠲᠤᠨᠢ ᠤᠶᠢᠯᠠᠭᠠᠨ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ | ᠠᠰᠠᠭᠤᠳᠠᠯ ᠢ ᠰᠢᠶᠳᠪᠦᠷᠢᠯᠡᠪᠡ᠃ | ᠺᠠᠩ ᠬᠠᠶ ᠷᠦᠢ ᠤᠷᠢᠳ ᠬᠤᠵᠢᠳ ᠬᠤᠸᠠ ᠲᠠᠩ ᠲᠣᠮᠣ ᠳ᠋ᠠᠶᠢᠲ᠋ᠠ ᠶᠢᠨ ᠦᠶᠯᠡᠴᠢᠯᠡᠭᠡᠨ ᠤ ᠭᠠᠳᠠᠭᠰᠢ | ᠳᠠᠭᠠᠭᠠᠴᠢᠯᠠᠭᠤᠯᠬᠤ ᠰᠠᠭᠤᠷᠢᠨ ᠭᠠᠵᠠᠷ᠂ ᠤᠯᠠᠭᠠᠨᠴᠠᠪ ᠬᠤᠸᠠ ᠸᠧᠶ ᠶᠦᠨ ᠦᠶᠯᠡᠴᠢᠯᠡᠭᠡᠨ ᠤ ᠳ᠋ᠠᠶᠢᠲ᠋ᠠ ᠶᠢᠨ ᠲᠥᠪ᠂ | ᠠᠯᠢᠪᠠᠪᠠ ᠤᠯᠠᠭᠠᠨᠴᠠᠪ ᠤᠨ ᠳ᠋ᠠᠶᠢᠲ᠋ᠠ ᠶᠢᠨ ᠲᠥᠪ ᠪᠣᠯᠤᠨ ᠥᠪᠥᠷ ᠮᠣᠩᠭᠤᠯ ᠤᠨ ᠵᠥᠩ ᠬᠤᠩ ᠽᠢ ᠵᠢᠩ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠡᠯ᠎ᠡ ᠠᠵᠤ | ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠡᠵᠡᠩᠨᠡᠯᠲᠡ᠂ ᠠᠵᠢᠯ ᠲᠦᠷᠦᠯ ᠤᠨ ᠣᠳᠣᠬᠢ ᠪᠠᠶᠢᠳᠠᠯ ᠵᠢᠴᠢ | ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠬᠢᠨᠠᠮᠠᠭᠠᠢ ᠰᠣᠨᠣᠰᠴᠤ᠂ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠳᠡᠭᠡᠳᠦ ᠲᠡᠰ ᠤᠨ ᠦᠢᠯᠡᠴᠢᠯᠡᠭᠦᠷ ᠪᠣᠯᠤᠨ ᠲᠤᠮᠤ | ᠳ᠋ᠠᠶᠢᠲ᠋ᠠ᠂ ᠵᠠᠰᠠᠭ ᠤᠨ ᠶᠠᠪᠤᠳᠠᠯ ᠤᠨ ᠡᠭᠦᠯᠡᠨ ᠪᠤᠳᠤᠯᠳᠠ᠂ ᠤᠶᠤᠨᠲᠤ ᠬᠤᠳᠠ ᠵᠡᠷᠭᠡ ᠮᠡᠳᠡᠭᠡ ᠵᠠᠩᠭᠢᠵᠢᠯᠲᠠ ᠶᠢᠨ | ᠲᠠᠪᠴᠠᠩ ᠢ ᠨᠠᠷᠢᠨ ᠣᠶᠢᠯᠠᠭᠠᠪᠠ᠃ ᠲᠡᠷᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠶᠢ ᠰᠠᠶᠢᠲᠤᠷ | ᠲᠡᠮᠵᠢᠨ ᠦᠢᠯᠡᠴᠢᠯᠡᠵᠦ᠂ ᠠᠵᠤ ᠠᠬᠤᠶᠢᠯᠠᠯ ᠲᠠᠢ ᠬᠠᠮᠲᠤᠪᠠᠷ ᠭᠠᠷ ᠬᠤᠯᠪᠣᠯᠴᠠᠵᠤ᠂ ᠲᠤᠮᠤ ᠳ᠋ᠠᠶᠢᠲ᠋ᠠ ᠪᠠᠷ ᠭᠤᠣᠯ | ᠪᠣᠯᠭᠠᠭᠰᠠᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ ᠪᠠᠨ ᠴᠢᠩᠭᠠᠳᠬᠠᠵᠤ᠂ ᠲᠤᠮᠤ ᠳ᠋ᠠᠶᠢᠲ᠋ᠠ ᠶᠢᠨ ᠠᠵᠤ | ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠠᠰᠤᠷᠠᠯᠳᠠ ᠦᠭᠡᠢ ᠠᠬᠢᠭᠤᠯᠤᠨ᠎ᠠ ᠭᠡᠵᠡᠢ ᠃ | ᠺᠠᠩ ᠬᠠᠶ ᠷᠦᠢ ᠬᠡᠯᠡᠬᠦ ᠳᠡᠭᠡᠨ᠂ ᠠᠵᠢᠯ ᠡᠬᠢᠯᠡᠭᠦᠯᠦᠭᠡᠳᠦᠶ ᠲᠥᠷᠥᠯ ᠵᠦᠶᠯ ᠳᠤ ᠠᠵᠤ ᠠᠬᠤᠶᠢᠯᠠᠯ ᠨᠢ ᠲᠥᠷᠥᠯ | ᠵᠦᠶᠯ ᠤᠨ ᠡᠮᠦᠨᠡᠬᠢ ᠬᠤᠭᠤᠴᠠᠭᠠᠨ ᠤ ᠭᠠᠷ ᠭᠦᠶᠴᠡᠳᠬᠡᠯ ᠢ ᠭᠦᠶᠴᠡᠳᠬᠡᠬᠦ ᠪᠠ ᠠᠵᠢᠯ ᠡᠬᠢᠯᠡᠭᠦᠯᠦᠨ | ᠪᠠᠶᠢᠭᠤᠯᠬᠤ ᠶᠢ ᠠᠬᠢᠭᠤᠯᠵᠤ᠂ ᠲᠥᠷᠥᠯ ᠵᠦᠶᠯ ᠢ ᠡᠷᠲᠡᠬᠡᠨ ᠪᠠᠶᠢᠭᠤᠯᠤᠨ ᠪᠦᠲᠦᠭᠡᠵᠦ ᠦᠷ᠎ᠡ ᠠᠰᠢᠭ ᠢ ᠨᠢ | ᠪᠠᠳᠠᠷᠠᠭᠤᠯᠬᠤ ᠶᠢ ᠠᠬᠢᠭᠤᠯᠬᠤ ᠬᠡᠷᠡᠭᠲᠡᠶ ᠭᠡᠵᠡᠶ᠃ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ | ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠨᠡᠪᠲᠡᠷᠡᠯᠴᠡᠵᠦ᠂ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠰᠡᠳᠬᠢᠯ | ᠲᠠᠯᠪᠢᠨ ᠦᠶᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢ ᠦᠨᠡᠨ ᠪᠣᠳᠠᠲᠠᠶ ᠪᠠᠷ ᠬᠠᠪᠰᠤᠷᠬᠤ ᠶᠢ ᠦᠨᠡᠨᠬᠦ | ᠪᠡᠶᠡᠯᠡᠭᠦᠯᠬᠦ ᠬᠡᠷᠡᠭᠲᠡᠶ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ | ᠠᠬᠤᠶᠢᠯᠠᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠨᠡᠩ ᠤᠯᠠᠨ | ᠰᠢᠯᠢᠳᠡᠭ ᠠᠵᠤ ᠠᠬᠤᠶᠢᠯᠠᠯ ᠢ ᠲᠠᠲᠠᠵᠤ ᠮᠠᠨ ᠤ ᠲᠤᠭᠤᠷᠢᠭ ᠲᠤ ᠨᠠᠶᠢᠳᠠᠪᠤᠷᠢᠵᠢᠭᠤᠯᠤᠨ ᠬᠥᠭᠵᠢᠭᠦᠯᠬᠦ ᠬᠡᠷᠡᠭᠲᠡᠢ | ᠭᠡᠵᠡᠢ᠃ | ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠵᠢᠷᠤᠭ᠄ ᠭᠦᠸᠧ ᠸᠧᠨ ᠵᠢᠶᠧ | ᠤᠷᠴᠢᠭᠤᠯᠤᠭᠴᠢ᠄ ᠲᠤᠶᠠᠭ᠎ᠠ | | | |