ᠺᠠᠩ ᠬᠠᠶ ᠷᠦᠢ ᠮᠠᠨ ᠤ ᠲᠤᠭᠤᠷᠢᠭ ᠤᠨ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/2/6
    2 ᠳ᠋ᠤᠭᠠᠷ ᠰᠠᠷ᠎ᠠ ᠶᠢᠨ 3᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠮᠠᠨ ᠤ  ᠲᠤᠭᠤᠷᠢᠭ ᠤᠨ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠣᠳᠠᠲᠠᠶ ᠭᠠᠵᠠᠷ ᠲᠤᠨᠢ ᠤᠶᠢᠯᠠᠭᠠᠨ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ  ᠠᠰᠠᠭᠤᠳᠠᠯ ᠢ ᠰᠢᠶᠳᠪᠦᠷᠢᠯᠡᠪᠡ᠃    ᠺᠠᠩ ᠬᠠᠶ ᠷᠦᠢ ᠤᠷᠢᠳ ᠬᠤᠵᠢᠳ ᠬᠤᠸᠠ ᠲᠠᠩ ᠲᠣᠮᠣ ᠳ᠋ᠠᠶᠢᠲ᠋ᠠ ᠶᠢᠨ ᠦᠶᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠰᠠᠭᠤᠷᠢᠨ ᠭᠠᠵᠠᠷ᠂ ᠤᠯᠠᠭᠠᠨᠴᠠᠪ ᠬᠤᠸᠠ ᠸᠧᠶ ᠶᠦᠨ ᠦᠶᠯᠡᠴᠢᠯᠡᠭᠡᠨ ᠤ ᠳ᠋ᠠᠶᠢᠲ᠋ᠠ ᠶᠢᠨ ᠲᠥᠪ᠂ ᠠᠯᠢᠪᠠᠪᠠ ᠤᠯᠠᠭᠠᠨᠴᠠᠪ ᠤᠨ ᠳ᠋ᠠᠶᠢᠲ᠋ᠠ ᠶᠢᠨ ᠲᠥᠪ ᠪᠣᠯᠤᠨ ᠥᠪᠥᠷ ᠮᠣᠩᠭᠤᠯ ᠤᠨ ᠵᠥᠩ ᠬᠤᠩ ᠽᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠡᠯ᠎ᠡ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠡᠵᠡᠩᠨᠡᠯᠲᠡ᠂ ᠠᠵᠢᠯ ᠲᠦᠷᠦᠯ ᠤᠨ ᠣᠳᠣᠬᠢ ᠪᠠᠶᠢᠳᠠᠯ ᠵᠢᠴᠢ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠳᠡᠭᠡᠳᠦ ᠲᠡᠰ ᠤᠨ ᠦᠢᠯᠡᠴᠢᠯᠡᠭᠦᠷ ᠪᠣᠯᠤᠨ ᠲᠤᠮᠤ ᠳ᠋ᠠᠶᠢᠲ᠋ᠠ᠂ ᠵᠠᠰᠠᠭ ᠤᠨ ᠶᠠᠪᠤᠳᠠᠯ ᠤᠨ ᠡᠭᠦᠯᠡᠨ ᠪᠤᠳᠤᠯᠳᠠ᠂ ᠤᠶᠤᠨᠲᠤ ᠬᠤᠳᠠ ᠵᠡᠷᠭᠡ ᠮᠡᠳᠡᠭᠡ ᠵᠠᠩᠭᠢᠵᠢᠯᠲᠠ ᠶᠢᠨ ᠲᠠᠪᠴᠠᠩ ᠢ ᠨᠠᠷᠢᠨ ᠣᠶᠢᠯᠠᠭᠠᠪᠠ᠃ ᠲᠡᠷᠡ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠶᠢ ᠰᠠᠶᠢᠲᠤᠷ ᠲᠡᠮᠵᠢᠨ ᠦᠢᠯᠡᠴᠢᠯᠡᠵᠦ᠂ ᠠᠵᠤ ᠠᠬᠤᠶᠢᠯᠠᠯ ᠲᠠᠢ ᠬᠠᠮᠲᠤᠪᠠᠷ ᠭᠠᠷ ᠬᠤᠯᠪᠣᠯᠴᠠᠵᠤ᠂ ᠲᠤᠮᠤ ᠳ᠋ᠠᠶᠢᠲ᠋ᠠ ᠪᠠᠷ ᠭᠤᠣᠯ ᠪᠣᠯᠭᠠᠭᠰᠠᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ ᠪᠠᠨ ᠴᠢᠩᠭᠠᠳᠬᠠᠵᠤ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠠᠰᠤᠷᠠᠯᠳᠠ ᠦᠭᠡᠢ ᠠᠬᠢᠭᠤᠯᠤᠨ᠎ᠠ  ᠭᠡᠵᠡᠢ ᠃    ᠺᠠᠩ ᠬᠠᠶ ᠷᠦᠢ ᠬᠡᠯᠡᠬᠦ ᠳᠡᠭᠡᠨ᠂ ᠠᠵᠢᠯ ᠡᠬᠢᠯᠡᠭᠦᠯᠦᠭᠡᠳᠦᠶ ᠲᠥᠷᠥᠯ ᠵᠦᠶᠯ ᠳᠤ ᠠᠵᠤ ᠠᠬᠤᠶᠢᠯᠠᠯ ᠨᠢ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷ ᠭᠦᠶᠴᠡᠳᠬᠡᠯ ᠢ ᠭᠦᠶᠴᠡᠳᠬᠡᠬᠦ ᠪᠠ ᠠᠵᠢᠯ ᠡᠬᠢᠯᠡᠭᠦᠯᠦᠨ  ᠪᠠᠶᠢᠭᠤᠯᠬᠤ ᠶᠢ ᠠᠬᠢᠭᠤᠯᠵᠤ᠂ ᠲᠥᠷᠥᠯ ᠵᠦᠶᠯ ᠢ ᠡᠷᠲᠡᠬᠡᠨ ᠪᠠᠶᠢᠭᠤᠯᠤᠨ ᠪᠦᠲᠦᠭᠡᠵᠦ ᠦᠷ᠎ᠡ ᠠᠰᠢᠭ ᠢ ᠨᠢ ᠪᠠᠳᠠᠷᠠᠭᠤᠯᠬᠤ ᠶᠢ ᠠᠬᠢᠭᠤᠯᠬᠤ ᠬᠡᠷᠡᠭᠲᠡᠶ ᠭᠡᠵᠡᠶ᠃ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠨᠡᠪᠲᠡᠷᠡᠯᠴᠡᠵᠦ᠂ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠰᠡᠳᠬᠢᠯ ᠲᠠᠯᠪᠢᠨ ᠦᠶᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢ ᠦᠨᠡᠨ ᠪᠣᠳᠠᠲᠠᠶ ᠪᠠᠷ ᠬᠠᠪᠰᠤᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠨᠡᠩ ᠤᠯᠠᠨ ᠰᠢᠯᠢᠳᠡᠭ ᠠᠵᠤ ᠠᠬᠤᠶᠢᠯᠠᠯ ᠢ ᠲᠠᠲᠠᠵᠤ ᠮᠠᠨ ᠤ ᠲᠤᠭᠤᠷᠢᠭ ᠲᠤ ᠨᠠᠶᠢᠳᠠᠪᠤᠷᠢᠵᠢᠭᠤᠯᠤᠨ ᠬᠥᠭᠵᠢᠭᠦᠯᠬᠦ ᠬᠡᠷᠡᠭᠲᠡᠢ  ᠭᠡᠵᠡᠢ᠃     ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                 ᠵᠢᠷᠤᠭ᠄ ᠭᠦᠸᠧ ᠸᠧᠨ ᠵᠢᠶᠧ                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ  ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2