| | ᠰᠤᠷᠪᠤᠯᠵᠢᠯᠠᠭᠰᠠᠨ ᠴᠠᠭ᠄ 2023-01-09 10: 20 | ᠰᠤᠷᠪᠤᠯᠵᠢᠯᠠᠭᠰᠠᠨ ᠵᠣᠴᠢᠨ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ | ᠸᠧᠨ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ | ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠰᠠᠶᠢᠬᠠᠨ ᠴᠠᠭ ᠮᠥᠴᠡ ᠳᠤ᠂ ᠪᠢᠳᠡ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ | ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠲᠤᠭᠤᠷᠢᠭ ᠲᠤ ᠰᠠᠭᠤᠭ᠎ᠠ ᠴᠡᠷᠢᠭ | ᠠᠩᠬᠢ ᠶᠢᠨ ᠪᠦᠬᠦ ᠳᠠᠷᠤᠭ᠎ᠠ ᠪᠠᠶᠢᠯᠳᠤᠭᠴᠢᠳ᠂ ᠠᠵᠢᠯ ᠠᠴᠠ ᠪᠠᠨ ᠠᠮᠠᠷᠠᠭᠰᠠᠨ ᠪᠦᠬᠦ ᠠᠬᠠᠮᠠᠳ ᠨᠥᠬᠦᠳ᠂ | ᠵᠢᠨᠢᠩ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ | ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ︕ | ᠰᠠᠶ᠋ᠢᠬᠠᠨ ᠥᠩᠭᠡᠷᠡᠭᠰᠡᠨ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ | ᠬᠤᠷᠠᠯᠳᠤᠭᠰᠠᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ | ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠵᠢᠨᠢᠩ ᠤᠨ ᠬᠥᠭᠵᠢᠯᠲᠡ ᠶᠢᠨ ᠲᠦᠢᠯ ᠤᠨ ᠶᠡᠷᠦ ᠪᠤᠰᠤ ᠶᠢᠨ ᠨᠢᠭᠡ ᠵᠢᠯ | ᠮᠥᠨ᠃ ᠤᠷᠢᠳᠤ ᠡᠮᠦᠨ᠎ᠡ ᠪᠠᠶᠢᠭ᠎ᠠ ᠦᠭᠡᠢ ᠬᠢᠵᠢᠭ ᠤᠨ ᠪᠠᠶᠢᠳᠠᠯ ᠤᠨ ᠰᠢᠯᠭᠠᠯᠲᠠ ᠪᠠ ᠬᠠᠲᠠᠭᠤ ᠪᠡᠷᠬᠡ ᠨᠦᠰᠡᠷ | ᠬᠦᠨᠳᠦ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠪᠢᠳᠡ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ | ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ | ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ | ᠬᠦᠴᠢᠷ ᠢ ᠲᠤᠭᠤᠯᠤᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠭᠰᠡᠨ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ | ᠲᠤᠰᠢᠶᠠᠪᠠ᠃ | ᠡᠨᠡ ᠪᠣᠯ ᠬᠠᠷᠠᠯᠲᠠ ᠴᠢᠭᠯᠡᠯ ᠢᠶᠠᠨ ᠨᠡᠩ ᠪᠠᠲᠤ ᠲᠣᠳᠣᠷᠬᠠᠢ ᠪᠣᠯᠭᠠᠭᠰᠠᠨ ᠨᠢᠭᠡ ᠵᠢᠯ ᠪᠣᠯᠤᠨ᠎ᠠ᠃ ᠪᠢᠳᠡ | ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠶ ᠤᠷᠤᠭᠰᠢᠯᠠᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠳᠡᠭᠡᠳᠦ | ᠱᠠᠲᠤᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ | ᠬᠤᠷᠢᠳᠤᠭᠠᠷ ᠶᠡᠭᠡ ᠬᠤᠷᠠᠯ ᠢ ᠤᠭᠲᠤᠬᠤ ᠪᠠ ᠰᠢᠷᠢᠰ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯᠯᠠᠭ᠎ᠠ ᠶᠢ | ᠡᠷᠭᠢᠯᠡᠵᠦ᠂ ︽ᠲᠠᠪᠤᠨ ᠶᠡᠭᠡ ᠡᠭᠦᠷᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ | ᠦᠶᠯᠡᠳᠦᠯᠭᠡᠵᠢᠭᠦᠯᠦᠨ᠎ᠡ᠃ | ᠡᠨᠡ ᠪᠣᠯ ᠴᠢᠨᠠᠷ ᠰᠠᠶᠢᠲᠠᠢ ᠬᠥᠭᠵᠢᠯᠲᠡ ᠶᠢᠨ ᠨᠡᠩ ᠪᠣᠳᠠᠲᠠᠢ ᠶᠢ ᠡᠷᠬᠢᠮᠯᠡᠭᠰᠡᠨ ᠯᠠᠪᠳᠠᠭᠤᠨ ᠲᠣᠭᠲᠠᠭᠤᠨ | ᠨᠢᠭᠡ ᠵᠢᠯ ᠪᠣᠯᠤᠨ᠎ᠠ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠢᠭᠲᠠ ᠤᠶᠠᠯᠳᠤᠭᠤᠯᠤᠨ᠂ | ᠬᠦᠴᠦᠨ ᠢᠶᠠᠨ ᠲᠥᠪᠯᠡᠷᠡᠭᠦᠯᠦᠨ ᠲᠥᠷᠥᠯ ᠵᠦᠢᠯ ᠢ ᠠᠳᠬᠤᠵᠤ᠂ ᠬᠡᠯᠬᠢᠶ᠎ᠡ ᠶᠢ ᠤᠷᠲᠤᠳᠬᠠᠨ᠂ ᠬᠡᠪᠴᠢᠶ᠎ᠡ ᠶᠢ | ᠥᠷᠭᠡᠳᠬᠡᠵᠦ᠂ 40 ᠭᠤᠣᠯᠳᠠᠯᠭ᠎ᠠ ᠲᠠᠢ ᠲᠦᠷᠦᠯ ᠵᠦᠢᠯ ᠢ ᠤᠷᠤᠭᠰᠢᠲᠠᠢ ᠪᠠᠷ ᠬᠡᠷᠡᠭᠵᠢᠭᠦᠯᠵᠦ᠂ ᠤᠯᠤᠰ ᠤᠨ | ᠣᠨᠴᠠ ᠳᠡᠰ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠲᠦᠷᠦᠯ ᠵᠦᠢᠯ ᠤᠨ ᠵᠢᠩ ᠨᠢᠩ ᠬᠤᠶᠠᠳᠤᠭᠠᠷ | ᠬᠤᠭᠤᠴᠠᠭᠠᠨ ᠤ ᠠᠰᠢᠭᠯᠠᠯᠲᠠ ᠳᠤ ᠣᠷᠣᠭᠤᠯᠵᠤ᠂ ᠡᠮᠦᠨᠡᠲᠦ ᠣᠷᠣᠨ ᠤ ᠶᠡᠭᠡ ᠭᠡᠷᠡᠯ ᠴᠠᠬᠢᠯᠭᠠᠨ ᠤ ᠭᠤᠷᠪᠠᠨ | ᠹᠯᠣᠷᠲᠤ ᠠᠽᠣᠲ ᠦᠢᠯᠡᠳᠪᠦᠷᠢᠯᠡᠬᠦ ᠴᠢᠳᠠᠪᠤᠷᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠭᠤᠣᠯ ᠪᠣᠯᠬᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠤᠷᠮ᠎ᠠ 73% ᠲᠤ | ᠬᠦᠷᠴᠦ᠂ ᠨᠡᠷᠡᠨ ᠭᠡᠷᠡᠯᠲᠦ ᠲᠠᠯ᠎ᠠ ᠨᠤᠲᠤᠭ · ᠳ᠋ᠠ ᠾᠧ ᠸᠠᠨ ᠵᠤᠭᠠᠴᠠᠯ ᠠᠮᠠᠷᠠᠯᠲᠠ ᠶᠢᠨ ᠣᠷᠣᠨ ᠳᠤ 4A ᠳᠡᠰ ᠤᠨ | ᠦᠵᠡᠮᠵᠢ ᠶᠢᠨ ᠣᠷᠣᠨ ᠢ ᠠᠮᠵᠢᠯᠲᠠ ᠲᠠᠢ ᠪᠠᠷ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠳᠠᠯᠳᠠ ᠬᠦᠴᠦᠨ᠂ | ᠳᠡᠯᠡᠬᠦ ᠬᠦᠴᠦᠨ ᠦᠷᠭᠦᠯᠵᠢᠯᠡᠨ ᠴᠢᠩᠭᠠᠷᠠᠪᠠ᠃ | ᠡᠨᠡ ᠪᠣᠯ ᠠᠮᠢ ᠠᠬᠤᠢ ᠶᠢᠨ ᠵᠠᠰᠠᠯᠲᠠ ᠶᠢᠨ ᠨᠡᠩ ᠯᠠᠪᠳᠠᠭᠤᠨ ᠪᠠᠲᠤᠲᠠᠢ ᠨᠢᠭᠡ ᠵᠢᠯ ᠪᠣᠯᠤᠨ᠎ᠠ᠃ ᠪᠢᠳᠡ | ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ︽ᠭᠤᠷᠪᠠᠨ ᠠᠭᠤᠯᠠ ᠬᠤᠶᠠᠷ ᠭᠤᠣᠯ︾ | ᠂ ᠬᠤᠸᠡᠭ ᠴᠢ ᠬᠠᠢ ᠰᠠᠪᠠ ᠭᠠᠵᠠᠷ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠡᠬᠢ ᠪᠠᠶᠠᠯᠢᠭ ᠤᠨ | ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ | ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠬᠤᠳᠠ ᠶᠢᠨ ᠠᠭᠠᠷ ᠤᠨ ᠶᠠᠰᠤ ᠴᠢᠨᠠᠷ ᠢ ᠪᠠᠲᠤᠯᠠᠬᠤ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢ 346 | ᠡᠳᠦᠷ ᠲᠤ ᠬᠦᠷᠭᠡᠵᠦ᠂ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠢ ᠶᠢ ᠦᠷᠭᠦᠯᠵᠢᠯᠡᠨ | ᠥᠷᠭᠡᠳᠬᠡᠵᠦ᠂ ᠤᠯᠠᠨ ᠲᠦᠮᠡᠨ ᠤ ᠪᠣᠬᠢᠷᠲᠤᠯ ᠦᠭᠡᠢ ᠬᠦᠷᠲᠡᠮᠵᠢ ᠶᠢᠨ ᠲᠦᠷᠦᠭᠳᠡᠯ᠂ ᠠᠮᠢ ᠠᠬᠤᠢ ᠶᠢᠨ ᠵᠣᠯ | ᠵᠢᠷᠭᠠᠯ ᠤᠨ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠪᠡ᠃ | ᠡᠨᠡ ᠪᠣᠯ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠨᠡᠩ ᠵᠣᠬᠢᠴᠠᠩᠭᠤᠶ ᠪᠥᠭᠡᠳ ᠬᠦᠴᠦᠨ ᠲᠠᠢ | ᠪᠣᠯᠭᠠᠭᠰᠠᠨ ᠨᠢᠭᠡ ᠵᠢᠯ ᠮᠥᠨ᠃ ᠪᠢᠳᠡ ᠬᠤᠲᠠ ᠲᠣᠭᠤᠷᠢᠭ ᠤᠨ ᠬᠥᠭᠵᠢᠯᠲᠡ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ | ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠪᠠᠷ ᠠᠬᠢᠭᠤᠯᠵᠤ᠂ 15 ᠵᠤᠷᠪᠤᠰ ᠵᠠᠮ ᠢ ᠰᠢᠨ᠎ᠡ ᠪᠠᠷ ᠦᠷᠭᠦᠯᠵᠢᠯᠡᠨ | ᠪᠠᠶᠢᠭᠤᠯᠵᠤ᠂ ᠬᠤᠩ ᠬᠠᠶ ᠽᠢ ᠤᠰᠤᠨ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠶᠦᠩ | ᠠᠨ᠂ ᠭᠤᠸᠠᠩ ᠮᠢᠩ ᠵᠡᠷᠭᠡ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ | ᠳᠠᠭᠤᠰᠬᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠬᠤᠭ ᠨᠣᠪᠰᠢ ᠶᠢ ᠲᠦᠷᠦᠯ | ᠬᠤᠪᠢᠶᠠᠨ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠲᠠᠷᠢᠶᠠᠯᠠᠩ ᠤᠨ ︽ᠲᠠᠪᠤ ᠶᠢ ᠨᠥᠬᠦᠪᠥᠷᠢᠯᠡᠬᠦ︾ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ 564 ᠡᠷᠦᠬᠡ ᠶᠢᠨ ᠵᠣᠷᠯᠣᠩ ᠢ | ᠥᠭᠡᠷᠡᠴᠢᠯᠡᠨ ᠵᠠᠰᠠᠵᠤ᠂ ᠵᠠᠰᠠᠭ ᠵᠠᠬᠢᠷᠭᠠᠨ ᠤ ᠲᠣᠰᠬᠤᠨ ᠤ ᠪᠣᠬᠢᠷ ᠤᠰᠤ ᠶᠢ ᠰᠢᠶᠳᠪᠦᠷᠢᠯᠡᠬᠦ ᠪᠦᠷᠬᠦᠴᠡ ᠶᠢᠨ | ᠨᠤᠷᠮ᠎ᠠ ᠶᠢ 53% ᠳᠤ ᠬᠦᠷᠭᠡᠵᠦ᠂ ᠬᠤᠳᠠ ᠬᠥᠳᠡᠭᠡ ᠶᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠶ᠂ | ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠪᠠ᠃ | ᠡᠨᠡ ᠪᠣᠯ ᠥᠭᠡᠷᠡᠴᠢᠯᠡᠯᠲᠡ ᠨᠡᠭᠡᠭᠡᠯᠳᠡ ᠶᠢ ᠨᠡᠩ ᠭᠦᠨᠵᠡᠭᠡᠶᠢᠷᠡᠭᠦᠯᠦᠨ ᠪᠠᠬᠢᠵᠢᠭᠦᠯᠦᠭᠰᠡᠨ ᠨᠢᠭᠡ ᠵᠢᠯ ᠮᠥᠨ᠃ | ᠪᠢᠳᠡ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠰᠠᠭᠤᠷᠢ ᠪᠣᠯᠭᠠᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢ ᠵᠣᠬᠢᠶᠠᠨ ᠪᠠᠶᠢᠭᠤᠯᠵᠤ᠂ ᠤᠯᠤᠰ ᠤᠨ ᠡᠳ᠋ ᠬᠥᠷᠥᠩᠭᠡ ᠤᠯᠤᠰ ᠤᠨ | ᠥᠮᠴᠢᠯᠡᠯᠲᠦ ᠠᠵᠤ ᠠᠬᠤᠶᠢᠯᠠᠯ ᠵᠡᠷᠭᠡ 100 ᠭᠠᠷᠤᠶ ᠵᠦᠶᠯ ᠤᠨ ᠥᠭᠡᠷᠡᠴᠢᠯᠡᠯᠲᠡ ᠶᠢᠨ ᠡᠭᠦᠷᠭᠡ ᠶᠢ | ᠲᠣᠭᠲᠠᠭᠤᠨ ᠢᠶᠠᠷ ᠠᠬᠢᠭᠤᠯᠤᠨ᠂ ︽ᠲᠥᠪᠯᠡᠷᠡᠭᠦᠯᠦᠨ ᠲᠦᠷᠭᠡᠨ ᠰᠢᠶᠳᠪᠦᠷᠢᠯᠡᠬᠦ ᠠᠯᠪᠠᠨ ᠬᠡᠷ︾ ᠢ ︽ᠥᠪᠥᠷ | ᠮᠣᠩᠭᠤᠯ ᠤᠨ ᠲᠦᠷᠭᠡᠨ ᠰᠢᠶᠳᠪᠦᠷᠢᠯᠡᠬᠦ ᠠᠯᠪᠠᠨ ᠬᠡᠷ︾ ᠳᠠᠰᠢ ᠪᠦᠬᠦᠯᠢ ᠴᠣᠭᠴᠠ ᠪᠠᠷ ᠰᠢᠯᠵᠢᠭᠦᠯᠬᠦ ᠶᠢ | ᠪᠡᠶᠡᠯᠡᠭᠦᠯᠵᠦ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ 80 ᠵᠤᠷᠪᠤᠰ | ᠬᠠᠲᠠᠭᠤ ᠴᠥᠮ᠎ᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠵᠤ ᠠᠬᠤᠶᠢᠯᠠᠯ ᠡᠷᠭᠢᠯᠡᠬᠦ᠂ ᠪᠠᠷᠢᠯᠭ᠎ᠠ ᠪᠠᠷᠢᠬᠤ ᠶᠢ | ᠵᠥᠪᠰᠢᠶᠡᠷᠡᠬᠦ ᠵᠡᠷᠭᠡ ᠭᠠᠷᠳᠠᠮ ᠢ ᠭᠦᠶᠴᠡᠳᠬᠡᠬᠦ ᠴᠠᠭ ᠤᠨ ᠬᠢᠵᠠᠭᠠᠷ ᠢ ᠳᠤᠮᠳᠠᠴᠢ ᠪᠠᠷ ᠬᠠᠭᠠᠰ ᠠᠴᠠ ᠳᠡᠭᠡᠭᠰᠢ | ᠪᠠᠭᠠᠰᠬᠠᠵᠤ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ | ᠲᠤᠭ᠎ᠠ ᠶᠢ 2.1 ᠳ᠋ᠦᠩᠰᠢᠭᠤᠷ ᠳ᠋ᠣᠯᠯᠠᠷ ᠪᠡᠶᠡᠯᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠤᠢ | ᠪᠤᠯᠭᠠᠵᠠᠢ᠃ | ᠡᠨᠡ ᠪᠣᠯ ᠠᠷᠠᠳ ᠤᠨ ᠠᠮᠢᠳᠤᠷᠠᠯ ᠤᠨ ᠰᠠᠶᠢᠵᠢᠷᠠᠯᠲᠠ ᠨᠡᠩ ᠵᠤᠵᠠᠭᠠᠨ ᠪᠥᠭᠡᠳ ᠦᠨᠡᠨ ᠪᠣᠳᠠᠲᠠᠢ ᠨᠢᠭᠡ ᠵᠢᠯ | ᠪᠣᠯᠤᠨ᠎ᠠ᠃ ᠪᠢᠳᠡ ᠠᠷᠠᠳ ᠤᠨ ᠠᠮᠢᠳᠤᠷᠠᠯ ᠳᠤ ᠬᠠᠶᠢᠷ᠎ᠠ ᠰᠡᠳᠬᠢᠯᠭᠡ ᠪᠠᠷ ᠢᠶᠠᠨ ᠠᠰᠢᠭ ᠬᠦᠷᠲᠡᠭᠡᠵᠦ᠂ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠶᠢᠰᠦᠳᠦᠭᠡᠷ ᠬᠡᠦᠬᠡᠳ ᠤᠨ | ᠴᠡᠴᠡᠷᠯᠢᠭ᠂ ᠲᠢᠶᠠᠨ ᠯᠢ ᠪᠠᠭ᠎ᠠ ᠰᠤᠷᠭᠠᠭᠤᠯᠢ ᠵᠡᠷᠭᠡ ᠨᠢᠭᠡ ᠪᠦᠯᠦᠭ ᠰᠤᠷᠭᠠᠭᠤᠯᠢ ᠶᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠳᠠᠨ ᠤ | ᠲᠤᠭ᠎ᠠ ᠶᠢᠨ ᠳᠦᠷᠢᠮᠲᠦ 426 ᠬᠥᠮᠦᠨ ᠢ ᠨᠥᠬᠦᠪᠥᠷᠢᠯᠡᠵᠦ᠂ ᠭᠤᠷᠪᠠᠳᠤᠭᠠᠷ ᠡᠮᠨᠡᠯᠭᠡ ᠶᠢᠨ ᠬᠤᠷᠢᠶ᠎ᠠ ᠪᠣᠯᠤᠨ | ᠪᠡᠭᠡᠵᠢᠩ ᠤᠨ ᠴᠠᠩ ᠴᠦᠨ ᠲᠧᠩ ᠡᠮᠨᠡᠯᠭᠡ ᠶᠢᠨ ᠤᠬᠠᠭᠠᠨ ᠤ ᠬᠤᠯᠪᠣᠭ᠎ᠠ ᠶᠢᠨ ᠬᠠᠮᠲᠤᠷᠠᠨ ᠪᠠᠶᠢᠭᠤᠯᠤᠭᠰᠠᠨ ᠦᠷ᠎ᠡ | ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ 37 ᠰᠠᠭᠤᠭᠠᠯᠢ ᠰᠠᠭᠤᠭᠠᠯᠢ ᠲᠣᠭᠤᠷᠢᠭ ᠤᠨ ᠢᠯᠴᠢ ᠬᠠᠩᠭᠠᠬᠤ | ᠬᠤᠶᠠᠳᠤᠭᠠᠷ ᠲᠣᠣᠷ ᠤᠨ ᠥᠭᠡᠷᠡᠴᠢᠯᠡᠯᠲᠡ ᠶᠢ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ 5000 ᠰᠢᠬᠠᠮ ᠢᠵᠢ | ᠲᠥᠪᠬᠢᠨᠡᠭᠦᠯᠬᠦ ᠣᠷᠣᠨ ᠰᠠᠭᠤᠴᠠ ᠶᠢ ᠲᠤᠰᠢᠶᠠᠨ ᠥᠭᠴᠦ ᠬᠡᠷᠡᠭᠯᠡᠭᠦᠯᠵᠦ᠂ 14 ᠲᠦᠮᠡᠨ ᠡᠷᠦᠬᠡ ᠰᠠᠭᠤᠭᠠᠯᠢ | ᠠᠷᠠᠳ ᠢ ᠤᠷᠤᠭᠰᠢᠲᠠᠶ ᠪᠠᠷ ᠣᠷᠣᠨ ᠰᠠᠭᠤᠴᠠ ᠶᠢᠨ ᠳᠡᠪᠲᠡᠷ ᠲᠠᠢ ᠪᠣᠯᠭᠠᠵᠤ᠂ 25 ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠷᠳᠡᠭᠡ ᠶᠢ ᠠᠰᠢᠭᠯᠠᠯᠲᠠ ᠳᠤ ᠣᠷᠣᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠯᠠᠪᠳᠠᠭᠤᠨ ᠪᠠᠲᠤᠲᠠᠶ ᠪᠥᠭᠡᠳ ᠬᠦᠴᠦᠲᠡᠶ ᠪᠣᠯᠭᠠᠵᠤ᠂ ᠨᠡᠩ ᠢᠯᠡᠭᠦᠦ ᠲᠦᠭᠡᠮᠡᠯ ᠬᠠᠷᠠᠭᠠᠯᠵᠠᠯ ᠲᠠᠢ ᠪᠣᠯᠭᠠᠪᠠ᠃ | ᠡᠨᠡ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠡᠩ ᠬᠠᠲᠠᠭᠤ ᠪᠡᠷᠬᠡ ᠵᠠᠩᠭᠢᠯᠠᠭ᠎ᠠ ᠶᠢᠨ ᠨᠢᠭᠡ ᠵᠢᠯ | ᠪᠣᠯᠤᠨ᠎ᠠ᠃ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ | ᠨᠠᠮ ᠤᠨ ᠲᠥᠪ ᠬᠤᠷᠢᠶ᠎ᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ | ᠴᠢᠩᠭ᠎ᠠ ᠲᠦᠰᠢᠭᠯᠡᠵᠦ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠬᠠᠮᠤᠭ ᠤᠨ ᠲᠡᠷᠢᠭᠦᠨ ᠳᠤ ᠡᠬᠢᠯᠡᠭᠦᠯᠵᠦ᠂ | ᠬᠤᠳᠠ ᠶᠢᠨ ᠲᠣᠭᠤᠷᠢᠭ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷ ᠵᠠᠷᠯᠢᠭ ᠴᠢᠮᠡᠭᠡ ᠶᠢ ᠰᠣᠨᠣᠰᠤᠮᠠᠭᠴᠠ | ᠬᠥᠳᠡᠯᠦᠯᠴᠡᠵᠦ᠂ ᠡᠮᠦᠨ᠎ᠡ ᠨᠢ ᠭᠠᠪᠰᠢᠭᠠᠶᠢᠯᠠᠨ ᠤᠷᠤᠭᠰᠢᠯᠠᠵᠤ᠂ ᠲᠦᠭ ᠲᠦᠮᠡᠨ ᠰᠠᠶᠢᠨ ᠳᠤᠷ᠎ᠠ ᠶᠢᠨ ᠠᠵᠢᠯᠯᠠᠭᠴᠢ | ᠰᠦᠷᠦᠨ ᠤᠷᠤᠭᠰᠢᠯᠠᠵᠤ᠂ ᠪᠠᠲᠤ ᠰᠠᠬᠢᠵᠤ ᠡᠷᠡᠯᠬᠡᠭᠯᠡᠨ ᠲᠡᠮᠡᠴᠡᠵᠦ᠂ ᠬᠠᠮᠲᠤ ᠪᠠᠷ ᠡᠰᠡᠷᠭᠦᠴᠡᠨ ᠬᠤᠷᠢᠭᠯᠠᠵᠤ᠂ | ᠤᠯᠠᠨ ᠡᠭᠡᠯᠵᠢ ᠶᠢᠨ ᠬᠢᠵᠢᠭ ᠤᠨ ᠲᠠᠭᠠᠷᠢᠯᠳᠠ ᠶᠢ ᠪᠦᠲᠦᠮᠵᠢᠲᠡᠢ ᠠᠷᠭᠠᠴᠠᠵᠤ᠂ ᠬᠦᠴᠦᠷᠬᠡᠭ ᠶᠡᠭᠡ ᠨᠢᠭᠲᠠᠷᠠᠯ ᠤᠨ | ᠬᠦᠴᠦᠨ ᠪᠠ ᠲᠠᠶᠢᠢᠴᠢᠨ ᠬᠦᠴᠦᠨ ᠢ ᠢᠯᠡᠷᠡᠭᠦᠯᠵᠦ᠂ ︽ᠰᠡᠷᠭᠡᠶᠢᠯᠡᠯᠲᠡ ᠶᠢ ᠡᠪᠳᠡᠬᠦ︾ ᠴᠠᠭ ᠮᠥᠴᠡ ᠨᠦᠭᠦᠳ᠂ | ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠦᠵᠡᠭᠳᠡᠯ ᠤᠳ ᠨᠢ ᠪᠢᠳᠡᠨ ᠤ ᠬᠠᠮᠤᠭ ᠤᠨ ᠮᠠᠷᠲᠠᠭᠳᠠᠰᠢ ᠦᠭᠡᠢ | ᠳᠤᠷᠠᠳᠬᠠᠯ ᠪᠣᠯᠤᠭᠰᠠᠨ ᠪᠠᠶᠢᠨ᠎ᠠ᠃ | ᠦᠵᠡᠬᠦ ᠳᠤ ᠡᠩ ᠤᠨ ᠰᠢᠭ ᠪᠣᠯ ᠬᠠᠮᠤᠭ ᠠᠴᠠ ᠢᠯᠡᠭᠦᠦ ᠰᠣᠨᠢᠨ ᠪᠥᠭᠡᠳ ᠬᠢᠯᠪᠠᠷ ᠪᠣᠯᠪᠠᠴᠤ ᠬᠠᠲᠠᠭᠤ | ᠪᠡᠷᠬᠡᠰᠢᠶᠡᠯ ᠲᠠᠢ ᠪᠠᠶᠢᠳᠠᠭ᠃ ᠨᠢᠭᠡ ᠵᠢᠯ ᠤᠨ ᠲᠤᠷᠰᠢ᠂ ᠵᠢᠨᠢᠩ ᠳᠤ ᠭᠠᠷᠤᠭᠰᠠᠨ ᠬᠤᠪᠢᠷᠠᠯᠲᠠ ᠨᠢᠭᠡᠪᠦᠷᠢ᠂ | ᠥᠩᠭᠡᠷᠡᠭᠦᠯᠦᠭᠰᠡᠨ ᠤᠳᠠᠭ᠎ᠠ ᠪᠦᠷᠢ ᠶᠢᠨ ᠰᠢᠯᠭᠠᠯᠲᠠ᠂ ᠣᠯᠤᠭᠰᠠᠨ ᠠᠮᠵᠢᠯᠲᠠ ᠪᠦᠲᠦᠮᠵᠢ ᠨᠢᠭᠡᠪᠦᠷᠢ ᠳᠤ ᠴᠥᠮ | ᠪᠦᠬᠦ ᠲᠤᠭᠤᠷᠢᠭ ᠤᠨ ᠠᠷᠠᠳ ᠲᠦᠮᠡᠨ ᠤ ᠬᠦᠴᠦ ᠬᠥᠯᠥᠰᠥ ᠰᠢᠩᠭᠡᠭᠰᠡᠨ ᠪᠠᠶᠢᠨ᠎ᠠ᠃ ᠡᠷᠲᠡᠨ ᠤ ᠬᠢ ᠠᠴᠠ ᠪᠠᠨ | ᠠᠪᠤᠭᠠᠳ ᠨᠢᠭᠡ ᠵᠢᠯ ᠤᠨ ᠲᠤᠷᠰᠢ᠂ ᠵᠢᠨᠢᠩ ᠳᠤ ᠭᠠᠷᠤᠭᠰᠠᠨ ᠬᠤᠪᠢᠷᠠᠯᠲᠠ ᠨᠢᠭᠡᠪᠦᠷᠢ᠂ ᠥᠩᠭᠡᠷᠡᠭᠦᠯᠦᠭᠰᠡᠨ ᠤᠳᠠᠭ᠎ᠠ | ᠪᠦᠷᠢ ᠶᠢᠨ ᠰᠢᠯᠭᠠᠯᠲᠠ᠂ ᠣᠯᠤᠭᠰᠠᠨ ᠠᠮᠵᠢᠯᠲᠠ ᠪᠦᠲᠦᠮᠵᠢ ᠨᠢᠭᠡᠪᠦᠷᠢ ᠳᠤ ᠴᠥᠮ ᠪᠦᠬᠦ ᠣᠷᠣᠨ ᠤ ᠠᠷᠠᠳ | ᠲᠦᠮᠡᠨ ᠤ ᠴᠢᠷᠮᠠᠶᠢᠯᠭ᠎ᠠ ᠪᠠ ᠬᠦᠴᠦ ᠬᠥᠯᠥᠰᠥ ᠰᠢᠩᠭᠡᠭᠰᠡᠨ ᠪᠠᠶᠢᠨ᠎ᠠ᠃ ᠳᠡᠷᠭᠡᠳᠡᠬᠢ ︽ᠣᠨ ᠰᠠᠷ᠎ᠠ ᠨᠠᠮᠤᠭᠤᠬᠠᠨ︾ | ᠨᠢ ᠲᠦᠢᠯ ᠤᠨ ᠡᠷᠬᠢᠮ ᠨᠠᠨᠳᠢᠨ ᠶᠤᠮ᠃ ᠠᠷᠤ ᠳᠠᠬᠢ ︽ᠬᠦᠨᠳᠦ ᠡᠭᠦᠷᠭᠡ ᠶᠢ ᠡᠭᠦᠷᠦᠨ ᠤᠷᠤᠭᠰᠢᠯᠠᠬᠤ︾ ᠶᠢ | ᠨᠠᠩ ᠴᠤ ᠪᠠᠲᠤ ᠴᠡᠭᠡᠵᠢᠯᠡᠬᠦ ᠬᠡᠷᠡᠭᠲᠡᠶ᠃ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ | ᠡᠭᠡᠯ ᠵᠢᠷ ᠤᠨ ᠬᠥᠮᠦᠨ ᠨᠢᠭᠡᠪᠦᠷᠢ ᠶᠢ ᠮᠠᠭᠲᠠᠨ ᠰᠠᠶᠢᠰᠢᠶᠠᠵᠤ᠂ ᠵᠢᠨᠢᠩ ᠤᠨ ᠬᠥᠭᠵᠢᠯᠲᠡ ᠳᠤ ᠣᠷᠣᠯᠴᠠᠭᠰᠠᠨ | ᠪᠦᠳᠦᠭᠡᠨ ᠪᠠᠶᠢᠭᠤᠯᠤᠭᠴᠢ ᠨᠢᠭᠡᠪᠦᠷᠢ ᠳᠤ ᠲᠠᠯᠠᠷᠬᠠᠯ ᠢᠶᠠᠨ ᠢᠯᠡᠳᠬᠡᠶ᠎ᠡ︕ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ | ᠴᠢᠬᠤᠯᠠ ᠶᠤᠮ᠃ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠲᠤ ᠵᠣᠭᠰᠣᠬᠤ ᠳᠤ᠂ ᠥᠷᠢᠰᠥᠯᠳᠦᠭᠡᠨ ᠪᠠᠶᠢᠬᠤ | ᠮᠥᠷᠲᠡᠭᠡᠨ ᠠᠵᠠ ᠲᠣᠬᠢᠶᠠᠯ ᠴᠤ ᠪᠠᠶᠢᠨ᠎ᠠ᠂ ᠳᠠᠷᠤᠯᠲᠠ ᠪᠠᠶᠢᠪᠠᠯ ᠨᠡᠩ ᠴᠤ ᠬᠦᠰᠡᠯ ᠡᠷᠡᠮᠡᠯᠵᠡᠯ ᠲᠠᠢ ᠪᠣᠯᠬᠤ ᠶᠤᠮ᠃ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ | ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ | ᠶᠡᠬᠡᠪᠡᠷ ᠬᠥᠪᠴᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠡᠯ᠎ᠡ | ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ | ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠵᠢᠨᠢᠩ ᠤᠨ ᠬᠤᠪᠢ ᠨᠡᠮᠡᠷᠢ ᠦᠵᠡᠭᠦᠯᠵᠦ᠂ | ᠪᠦᠬᠦ ᠣᠷᠣᠨ ᠤ ᠠᠷᠠᠳ ᠲᠦᠮᠡᠨ ᠳᠤ ᠨᠡᠩ ᠤᠯᠠᠨ ᠪᠤᠶᠠᠨ ᠵᠢᠷᠭᠠᠯ ᠨᠡᠮᠡᠷᠢᠯᠡᠶ᠎ᠡ︕ | ᠳᠡᠭᠡᠷ᠎ᠡ ᠳᠣᠣᠷ᠎ᠠ ᠱᠠᠳᠤ ᠪᠠᠷ ᠢᠶᠠᠨ ᠬᠦᠰᠡᠯ ᠢᠶᠠᠨ ᠬᠠᠮᠲᠤᠳᠬᠠᠪᠠᠯ ᠢᠯᠠᠯᠲᠠ ᠣᠯᠵᠤ᠂ ᠬᠦᠴᠢᠷ ᠪᠡᠷᠬᠡᠰᠢᠶᠡᠯ ᠢ | ᠬᠠᠮᠲᠤ ᠪᠠᠷ ᠲᠤᠭᠤᠯᠪᠠᠯ ᠬᠥᠭᠵᠢᠨ ᠮᠠᠨᠳᠤᠨ᠎ᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ | ᠳᠣᠣᠷ᠎ᠠ᠂ ᠪᠦᠬᠦ ᠲᠤᠭᠤᠷᠢᠭ ᠤᠨ ᠺᠠᠳ᠋ᠷ ᠤᠯᠠᠨ ᠲᠦᠮᠡᠨ ᠤ ᠦᠷᠭᠦᠯᠵᠢᠯᠡᠭᠰᠡᠨ ᠲᠡᠮᠡᠴᠡᠯ ᠤᠨ ᠳᠣᠣᠷ᠎ᠠ᠂ ᠵᠢᠨᠢᠩ ᠤᠨ | ᠬᠥᠭᠵᠢᠯᠲᠡ ᠤᠯᠠᠮ ᠠᠴᠠ ᠤᠯᠠᠮ ᠰᠠᠶᠢᠨ ᠪᠤᠯᠵᠤ᠂ ᠵᠢᠨᠢᠩ ᠤᠨ ᠢᠷᠡᠭᠡᠳᠦᠶ ᠤᠯᠠᠮ ᠠᠴᠠ ᠤᠯᠠᠮ ᠰᠠᠶᠢᠢᠨ ᠪᠣᠯᠬᠤ ᠶᠢ | ᠪᠢᠳᠡ ᠢᠲᠡᠭᠡᠵᠦ ᠪᠠᠶᠢᠨ᠎ᠠ︕ | ᠡᠴᠦᠰ ᠲᠤ᠂ ᠠᠭᠤᠤ ᠶᠡᠭᠡ ᠡᠬᠡ ᠣᠷᠣᠨ ᠴᠡᠴᠡᠭᠯᠡᠨ ᠮᠠᠨᠳᠤᠵᠤ᠂ ᠲᠦᠷᠦ ᠲᠦᠪᠰᠢᠨ ᠲᠦᠮᠡᠨ ᠠᠮᠤᠭᠤᠯᠠᠩ | ᠪᠠᠶᠢᠬᠤ ᠶᠢ ᠢᠷᠥᠭᠡᠶ᠎ᠡ︕ | ᠪᠦᠬᠦ ᠲᠤᠭᠤᠷᠢᠭ ᠤᠨ ᠠᠷᠠᠳ ᠲᠦᠮᠡᠨ ᠳᠤ ᠰᠢᠨ᠎ᠡ ᠵᠢᠯ ᠤᠨ ᠪᠠᠶᠠᠷ ᠬᠦᠷᠭᠡᠵᠦ᠂ ᠵᠣᠯ ᠵᠢᠷᠭᠠᠯ ᠲᠠᠢ ᠠᠮᠤᠷ | ᠠᠮᠤᠭᠤᠯᠠᠩ ᠪᠠᠶᠢᠬᠤ ᠶᠢ ᠵᠥᠩᠨᠡᠶ᠎ᠡ︕ | | | |