| 2 ᠰᠠᠷ᠎ᠠ ᠶᠢᠨ 1 ᠤ ᠡᠳᠦᠷ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠲᠡᠭᠦᠰᠴᠦ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ | ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠵᠢᠶᠠᠩᠰᠦ ᠮᠤᠵᠢ ᠳᠤ ᠬᠦᠷᠴᠦ ᠭᠤᠷᠪᠠᠨ ᠡᠳᠦᠷ ᠤᠨ | ᠬᠤᠭᠤᠴᠠᠭ᠎ᠠ ᠲᠠᠢ ᠰᠢᠨᠵᠢᠯᠡᠨ ᠪᠠᠶᠢᠴᠠᠭᠠᠵᠤ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠬᠦ ᠪᠠᠷ ᠮᠣᠷᠳᠠᠪᠠ᠃ | ᠲᠣᠭᠤᠷᠢᠭ ᠤᠨ ᠤᠳᠤᠷᠢᠳᠤᠯᠭ᠎ᠠ ᠵᠠᠩ ᡁᠢ ᠷᠦᠩ᠂ ᠱᠢ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃ | ᠵᠠᠩ ᠶᠦᠩ ᠸᠧᠨ ᠨᠠᠷ ᠤᠷᠢᠳ ᠬᠤᠵᠢᠳ ᠬᠤᠩ ᠳ᠋ᠧᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠨᠠᠨ ᠳ᠋ᠠ | ᠭᠡᠷᠡᠯ ᠴᠠᠬᠢᠯᠭᠠᠨ ᠤ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠲᠦᠩ ᠳ᠋ᠡ ᠬᠥᠳᠡᠯᠭᠡᠬᠦ | ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠩ ᠳ᠋ᠧ ᠣᠨᠴᠠ ᠲᠦᠷᠦᠯ ᠤᠨ | ᠤᠭᠰᠠᠷᠠᠭ᠎ᠠ ᠲᠤᠨᠤᠭ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠢᠶᠠᠩ ᠬᠠᠢ ᠴᠠᠬᠢᠯᠭᠠᠨ | ᠪᠠᠭᠲᠠᠭᠠᠭᠴᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠢ ᠰᠢᠨᠵᠢᠯᠡᠨ | ᠪᠠᠶᠢᠴᠠᠭᠠᠪᠠ᠃ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠵᠦ᠂ ᠠᠵᠤ | ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂ ᠦᠢᠯᠡᠳᠬᠦᠨ ᠤ ᠲᠥᠯᠥᠪᠵᠢᠭᠦᠯᠭᠡ᠂ ᠪᠡᠯᠡ ᠣᠷᠣᠭᠤᠯᠤᠯᠲᠠ ᠶᠢᠨ | ᠰᠠᠨᠠᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠨᠡ ᠬᠤᠭᠤᠴᠠᠭᠠᠨ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ | ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ᠂ ᠡᠯᠧᠺᠲᠷᠣᠨ ᠰᠢᠨ᠎ᠡ ᠮᠠᠲ᠋ᠧᠷᠢᠶᠠᠯ ᠤᠨ ᠰᠠᠭᠤᠷᠢᠨ ᠢ | ᠥᠷᠭᠡᠳᠬᠡᠨ ᠪᠠᠶᠢᠭᠤᠯᠬᠤ᠂ ᠲᠣᠨᠣᠭᠯᠠᠯ ᠦᠢᠯᠡᠳᠬᠦ ᠦᠢᠯᠡᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ | ᠠᠬᠢᠭᠤᠯᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠵᠣᠯᠭᠠᠭᠤᠯᠵᠠᠢ᠃ | ᠶᠠᠷᠢᠯᠴᠠᠬᠤ ᠬᠤᠷᠠᠯ ᠳᠡᠭᠡᠷ᠎ᠡ᠂ ᠵᠠᠩ ᠶᠦᠩ ᠸᠧᠨ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ | ᠵᠢᠨᠢᠩ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ | ᠨᠦᠭᠦᠴᠡᠯ ᠵᠢᠴᠢ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠤᠰ ᠲᠤᠰ ᠲᠠᠨᠢᠯᠴᠠᠭᠤᠯᠪᠠ᠃ ᠵᠠᠩ ᠶᠦᠩ | ᠸᠧᠨ᠂ ᠵᠢᠨᠢᠩ ᠤᠨ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠲᠤᠪᠤᠶᠢᠮ᠎ᠠ ᠪᠠᠶᠢᠵᠤ᠂ ᠰᠢᠨ᠎ᠡ ᠡᠨᠧᠷᠭᠢ | ᠂ ᠡᠯᠧᠺᠲᠷᠣᠨ ᠮᠠᠲ᠋ᠧᠷᠢᠶᠠᠯ᠂ ᠲᠣᠨᠣᠭᠯᠠᠯ ᠦᠢᠯᠡᠳᠬᠦ ᠦᠢᠯᠡᠰ ᠵᠡᠷᠭᠡ ᠠᠵᠤ ᠦᠢᠯᠡᠰ ᠤᠨ ᠰᠠᠭᠤᠷᠢ ᠪᠠᠲᠤᠲᠠᠢ᠂ ᠠᠮᠢ | ᠠᠬᠤᠢ ᠶᠢᠨ ᠣᠷᠴᠢᠨ ᠲᠣᠭᠤᠷᠢᠨ ᠰᠢᠯᠢᠳᠡᠭ ᠰᠠᠶᠢᠨ᠂ ᠬᠥᠭᠵᠢᠯᠲᠡ ᠶᠢᠨ ᠢᠷᠡᠭᠡᠳᠦᠢ ᠥᠷᠭᠡᠨ ᠪᠠᠶᠢᠵᠤ᠂ ᠡᠯ᠎ᠡ ᠠᠵᠤ | ᠠᠬᠤᠶᠢᠯᠠᠯ ᠢ ᠵᠢᠨᠢᠩ ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠵᠤ ᠪᠡᠯᠡ ᠣᠷᠣᠭᠤᠯᠬᠤ ᠶᠢ ᠴᠢᠩ | ᠰᠡᠳᠬᠢᠯ ᠠᠴᠠ ᠪᠠᠨ ᠤᠷᠢᠵᠠᠢ᠃ ᠵᠢᠨᠢᠩ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠭᠤᠶᠢᠳᠠ | ᠰᠠᠶᠢᠬᠠᠨ᠂ ᠭᠠᠵᠠᠷ ᠵᠦᠢ ᠶᠢᠨ ᠪᠠᠶᠢᠷᠢᠰᠢᠯ ᠳᠠᠪᠠᠭᠤᠯᠢᠭ᠂ ᠬᠥᠭᠵᠢᠯᠲᠡ ᠶᠢᠨ ᠬᠠᠨᠳᠤᠰᠢ ᠢᠳᠡ ᠬᠦᠴᠦᠲᠡᠢ ᠪᠠᠶᠢᠵᠤ᠂ | ᠵᠢᠨᠢᠩ ᠲᠣᠭᠤᠷᠢᠭ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠢᠷᠡᠭᠡᠳᠦᠢ ᠳᠤ ᠬᠦᠰᠡᠯ ᠡᠷᠡᠮᠡᠯᠵᠡᠯ | ᠳᠦᠭᠦᠷᠡᠩ ᠪᠠᠶᠢᠨ᠎ᠠ ᠭᠡᠵᠦ ᠡᠯ᠎ᠡ ᠠᠵᠤ ᠠᠬᠤᠶᠢᠯᠠᠯ ᠤᠨ ᠬᠢᠨ ᠢᠯᠡᠳᠬᠡᠵᠡᠭᠡᠪᠡ᠃ | ᠬᠤᠶᠠᠷ ᠲᠠᠯ᠎ᠠ ᠪᠠᠷ ᠢᠶᠠᠨ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠶᠢ ᠵᠣᠯᠭᠠᠭᠤᠯᠬᠤ ᠪᠠᠷ ᠠᠵᠠ | ᠲᠣᠬᠢᠶᠠᠯ ᠪᠣᠯᠭᠠᠵᠤ᠂ ᠤᠯᠤᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦᠯ ᠵᠦᠢᠯ ᠤᠨ ᠪᠡᠯᠡ ᠣᠷᠣᠭᠤᠯᠤᠯᠲᠠ ᠪᠦᠳᠦᠭᠡᠨ ᠪᠠᠶᠢᠭᠤᠯᠤᠯᠲᠠ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠬᠦ ᠵᠡᠷᠭᠡ ᠲᠠᠯ᠎ᠠ ᠪᠠᠷ ᠨᠡᠩ ᠤᠯᠠᠨ | ᠭᠦᠨᠵᠡᠭᠡᠢ ᠬᠠᠮᠲᠤᠷᠠᠯᠴᠠᠭ᠎ᠠ ᠲᠤᠬᠢᠷᠠᠯᠴᠠᠬᠤ ᠪᠠᠷ ᠴᠢᠷᠮᠠᠶᠢᠨ᠎ᠠ ᠭᠡᠵᠦ ᠢᠯᠡᠳᠬᠡᠪᠡ᠃ | ᠤᠷᠴᠢᠭᠤᠯᠤᠭᠴᠢ᠄ ᠳ᠋ᠦᠡᠭ ᠬᠦᠢ | | | |