ᠵᠠᠩ ᠶᠦᠩ ᠸᠧᠨ ᠪᠦᠯᠬᠦᠮ ᠳᠠᠭᠠᠭᠤᠯᠤᠨ ᠵᠢᠶᠠᠩᠰᠦ ᠮᠤᠵᠢ ᠳᠤ ᠰᠢᠨᠵᠢᠯᠡᠨ ᠪᠠᠶᠢᠴᠠᠭᠠᠵᠤ ᠠᠷᠠᠯᠵᠢᠶᠠᠴᠢᠨ ᠤᠷᠢᠪᠠ
ᠨᠡᠶᠢᠲᠡᠯᠡᠭᠰᠡᠨ ᠴᠠᠭ᠄
2023/2/8
744470.jpg
     2 ᠰᠠᠷ᠎ᠠ ᠶᠢᠨ 1᠎ ᠤ ᠡᠳᠦᠷ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠲᠡᠭᠦᠰᠴᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠵᠢᠶᠠᠩᠰᠦ ᠮᠤᠵᠢ ᠳᠤ ᠬᠦᠷᠴᠦ ᠭᠤᠷᠪᠠᠨ ᠡᠳᠦᠷ ᠤᠨ ᠬᠤᠭᠤᠴᠠᠭ᠎ᠠ ᠲᠠᠢ ᠰᠢᠨᠵᠢᠯᠡᠨ ᠪᠠᠶᠢᠴᠠᠭᠠᠵᠤ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠬᠦ ᠪᠠᠷ ᠮᠣᠷᠳᠠᠪᠠ᠃ ᠲᠣᠭᠤᠷᠢᠭ ᠤᠨ ᠤᠳᠤᠷᠢᠳᠤᠯᠭ᠎ᠠ ᠵᠠᠩ ᡁᠢ ᠷᠦᠩ᠂ ᠱᠢ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃     ᠵᠠᠩ ᠶᠦᠩ ᠸᠧᠨ ᠨᠠᠷ ᠤᠷᠢᠳ ᠬᠤᠵᠢᠳ ᠬᠤᠩ ᠳ᠋ᠧᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠨᠠᠨ ᠳ᠋ᠠ ᠭᠡᠷᠡᠯ ᠴᠠᠬᠢᠯᠭᠠᠨ ᠤ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠲᠦᠩ ᠳ᠋ᠡ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠩ ᠳ᠋ᠧ ᠣᠨᠴᠠ ᠲᠦᠷᠦᠯ ᠤᠨ ᠤᠭᠰᠠᠷᠠᠭ᠎ᠠ ᠲᠤᠨᠤᠭ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠢᠶᠠᠩ ᠬᠠᠢ ᠴᠠᠬᠢᠯᠭᠠᠨ ᠪᠠᠭᠲᠠᠭᠠᠭᠴᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠪᠠ᠃ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂ ᠦᠢᠯᠡᠳᠬᠦᠨ ᠤ ᠲᠥᠯᠥᠪᠵᠢᠭᠦᠯᠭᠡ᠂ ᠪᠡᠯᠡ ᠣᠷᠣᠭᠤᠯᠤᠯᠲᠠ ᠶᠢᠨ ᠰᠠᠨᠠᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠨᠡ ᠬᠤᠭᠤᠴᠠᠭᠠᠨ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ᠂ ᠡᠯᠧᠺᠲᠷᠣᠨ ᠰᠢᠨ᠎ᠡ ᠮᠠᠲ᠋ᠧᠷᠢᠶᠠᠯ ᠤᠨ ᠰᠠᠭᠤᠷᠢᠨ ᠢ ᠥᠷᠭᠡᠳᠬᠡᠨ ᠪᠠᠶᠢᠭᠤᠯᠬᠤ᠂ ᠲᠣᠨᠣᠭᠯᠠᠯ ᠦᠢᠯᠡᠳᠬᠦ ᠦᠢᠯᠡᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠵᠣᠯᠭᠠᠭᠤᠯᠵᠠᠢ᠃    ᠶᠠᠷᠢᠯᠴᠠᠬᠤ ᠬᠤᠷᠠᠯ ᠳᠡᠭᠡᠷ᠎ᠡ᠂ ᠵᠠᠩ ᠶᠦᠩ ᠸᠧᠨ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠵᠢᠨᠢᠩ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠵᠢᠴᠢ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠤᠰ ᠲᠤᠰ ᠲᠠᠨᠢᠯᠴᠠᠭᠤᠯᠪᠠ᠃ ᠵᠠᠩ ᠶᠦᠩ ᠸᠧᠨ᠂ ᠵᠢᠨᠢᠩ ᠤᠨ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠲᠤᠪᠤᠶᠢᠮ᠎ᠠ ᠪᠠᠶᠢᠵᠤ᠂ ᠰᠢᠨ᠎ᠡ ᠡᠨᠧᠷᠭᠢ ᠂ ᠡᠯᠧᠺᠲᠷᠣᠨ ᠮᠠᠲ᠋ᠧᠷᠢᠶᠠᠯ᠂ ᠲᠣᠨᠣᠭᠯᠠᠯ ᠦᠢᠯᠡᠳᠬᠦ ᠦᠢᠯᠡᠰ ᠵᠡᠷᠭᠡ ᠠᠵᠤ ᠦᠢᠯᠡᠰ ᠤᠨ ᠰᠠᠭᠤᠷᠢ ᠪᠠᠲᠤᠲᠠᠢ᠂ ᠠᠮᠢ ᠠᠬᠤᠢ ᠶᠢᠨ ᠣᠷᠴᠢᠨ ᠲᠣᠭᠤᠷᠢᠨ ᠰᠢᠯᠢᠳᠡᠭ ᠰᠠᠶᠢᠨ᠂ ᠬᠥᠭᠵᠢᠯᠲᠡ ᠶᠢᠨ ᠢᠷᠡᠭᠡᠳᠦᠢ ᠥᠷᠭᠡᠨ ᠪᠠᠶᠢᠵᠤ᠂ ᠡᠯ᠎ᠡ ᠠᠵᠤ ᠠᠬᠤᠶᠢᠯᠠᠯ ᠢ ᠵᠢᠨᠢᠩ ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠵᠤ ᠪᠡᠯᠡ ᠣᠷᠣᠭᠤᠯᠬᠤ ᠎ ᠶᠢ ᠴᠢᠩ ᠰᠡᠳᠬᠢᠯ ᠠᠴᠠ ᠪᠠᠨ ᠤᠷᠢᠵᠠᠢ᠃ ᠵᠢᠨᠢᠩ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠭᠤᠶᠢᠳᠠ ᠰᠠᠶᠢᠬᠠᠨ᠂ ᠭᠠᠵᠠᠷ ᠵᠦᠢ ᠶᠢᠨ ᠪᠠᠶᠢᠷᠢᠰᠢᠯ ᠳᠠᠪᠠᠭᠤᠯᠢᠭ᠂ ᠬᠥᠭᠵᠢᠯᠲᠡ ᠶᠢᠨ ᠬᠠᠨᠳᠤᠰᠢ ᠢᠳᠡ ᠬᠦᠴᠦᠲᠡᠢ ᠪᠠᠶᠢᠵᠤ᠂ ᠵᠢᠨᠢᠩ ᠲᠣᠭᠤᠷᠢᠭ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠢᠷᠡᠭᠡᠳᠦᠢ ᠳᠤ ᠬᠦᠰᠡᠯ ᠡᠷᠡᠮᠡᠯᠵᠡᠯ ᠳᠦᠭᠦᠷᠡᠩ ᠪᠠᠶᠢᠨ᠎ᠠ ᠭᠡᠵᠦ ᠡᠯ᠎ᠡ ᠠᠵᠤ ᠠᠬᠤᠶᠢᠯᠠᠯ ᠤᠨ ᠬᠢᠨ ᠢᠯᠡᠳᠬᠡᠵᠡᠭᠡᠪᠡ᠃    ᠬᠤᠶᠠᠷ ᠲᠠᠯ᠎ᠠ ᠪᠠᠷ ᠢᠶᠠᠨ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠶᠢ ᠵᠣᠯᠭᠠᠭᠤᠯᠬᠤ ᠪᠠᠷ ᠠᠵᠠ ᠲᠣᠬᠢᠶᠠᠯ ᠪᠣᠯᠭᠠᠵᠤ᠂ ᠤᠯᠤᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦᠯ ᠵᠦᠢᠯ ᠤᠨ ᠪᠡᠯᠡ ᠣᠷᠣᠭᠤᠯᠤᠯᠲᠠ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠬᠦ ᠵᠡᠷᠭᠡ ᠲᠠᠯ᠎ᠠ ᠪᠠᠷ ᠨᠡᠩ ᠤᠯᠠᠨ ᠭᠦᠨᠵᠡᠭᠡᠢ ᠬᠠᠮᠲᠤᠷᠠᠯᠴᠠᠭ᠎ᠠ ᠲᠤᠬᠢᠷᠠᠯᠴᠠᠬᠤ ᠪᠠᠷ ᠴᠢᠷᠮᠠᠶᠢᠨ᠎ᠠ ᠭᠡᠵᠦ ᠢᠯᠡᠳᠬᠡᠪᠡ᠃             ᠤᠷᠴᠢᠭᠤᠯᠤᠭᠴᠢ᠄ ᠳ᠋ᠦᠡᠭ ᠬᠦᠢ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2