ᠵᠠᠩ ᠶᠦᠩ ᠸᠧᠨ ᠤᠯᠠᠭᠠᠨᠴᠠᠪ ᠬᠤᠲᠠ ᠶᠢᠨ ᠲᠡᠷᠢᠭᠦᠨ ᠤ ᠦᠶᠯᠡᠳᠬᠦ ᠦᠶᠯᠡᠰ ᠲᠥᠪᠯᠡᠷᠡᠭᠰᠡᠨ ᠣᠷᠣᠨ ᠤ ᠲᠠᠲᠠᠪᠤᠷᠢᠯᠠᠨ ᠨᠤᠷᠠᠭᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/2/8
705470.jpg
    2 ᠳ᠋ᠤᠭᠠᠷ ᠰᠠᠷ᠎ᠠ ᠶᠢᠨ 7᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠤᠯᠠᠭᠠᠨᠴᠠᠪ ᠬᠤᠲᠠ ᠶᠢᠨ ᠲᠡᠷᠢᠭᠦᠨ ᠤ ᠦᠶᠯᠡᠳᠬᠦ ᠦᠶᠯᠡᠰ ᠲᠥᠪᠯᠡᠷᠡᠭᠰᠡᠨ ᠲᠣᠭᠤᠷᠢᠭ ᠤᠨ ᠲᠠᠲᠠᠪᠤᠷᠢᠯᠠᠨ ᠨᠤᠷᠠᠭᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃     ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠨᠠᠮ ᠤᠨ  ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠸᠠᠩ ᠪᠢᠩ᠂ ᠵᠢᠨᠢᠩ ᠲᠣᠭᠤᠷᠢᠭ ᠤᠨ ᠤᠳᠤᠷᠢᠳᠤᠯᠭ᠎ᠠ ᠵᠠᠩ ᡁᠢ ᠷᠦᠩ᠂ ᠶᠠᠩ ᠶᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ  ᠬᠢᠵᠦ ᠶᠠᠷᠢᠯᠴᠠᠬᠤ ᠬᠤᠷᠠᠯ ᠳᠤ ᠣᠷᠣᠯᠴᠠᠪᠠ᠃  ᠵᠠᠩ ᠶᠦᠩ ᠸᠧᠨ ᠤᠯᠠᠭᠠᠨᠴᠠᠪ ᠬᠤᠳᠠ ᠶᠢᠨ ᠲᠡᠷᠢᠭᠦᠨ ᠤ ᠦᠢᠯᠡᠳᠬᠦ ᠦᠢᠯᠡᠰ ᠲᠥᠪᠯᠡᠷᠡᠭᠰᠡᠨ ᠲᠣᠭᠤᠷᠢᠭ ᠤᠨ ᠲᠠᠲᠠᠪᠤᠷᠢᠯᠠᠬᠤ ᠵᠢᠯᠣᠭᠤᠳᠬᠤ ᠭᠠᠵᠠᠷ ᠲᠤ ᠬᠦᠷᠴᠦ᠂ ᠲᠦᠷᠦᠯ ᠵᠦᠢᠯ ᠤᠨ ᠬᠡᠷᠡᠭᠯᠡᠬᠦ ᠭᠠᠵᠠᠷ ᠤᠨ ᠲᠦᠢᠮᠣ ᠪᠠᠶᠢᠳᠠᠯ᠂ ᠲᠠᠲᠠᠪᠤᠷᠢᠯᠠᠬᠤ ᠨᠤᠷᠠᠭᠠᠬᠤ ᠠᠵᠢᠯ ᠤᠨ ᠠᠬᠢᠴᠠ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ ᠶᠠᠷᠢᠯᠴᠠᠬᠤ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠲᠠᠲᠠᠪᠤᠷᠢᠯᠠᠨ ᠨᠤᠷᠠᠭᠠᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃  ᠵᠠᠩ ᠶᠦᠩ ᠸᠧᠨ ᠬᠡᠯᠡᠭᠰᠡᠨ ᠨᠢ᠂ ᠣᠳᠣᠬᠠᠨ ᠳᠤ ᠡᠯ᠎ᠡ ᠵᠦᠢᠯ ᠤᠨ ᠠᠵᠢᠯ ᠤᠨ ᠠᠬᠢᠴᠠ ᠡᠮᠬᠢ ᠵᠢᠷᠤᠮ ᠲᠠᠢ᠂ ᠲᠣᠬᠢᠷᠠᠭᠤᠯᠤᠯᠲᠠ ᠨᠢ ᠵᠦᠶ ᠵᠣᠬᠢᠰᠲᠠᠶ ᠪᠠᠶᠢᠨ᠎ᠠ᠂ ᠡᠯ᠎ᠡ ᠠᠵᠢᠯ ᠤᠨ ᠳᠤᠭᠤᠶᠢᠯᠠᠩ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠡᠯ᠎ᠡ ᠵᠦᠢᠯ ᠤᠨ ᠪᠣᠳᠠᠲᠠᠶ ᠠᠵᠢᠯ ᠢᠶᠠᠨ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠢᠩᠭ᠎ᠠ ᠪᠠᠷᠢᠮᠲᠠᠯᠠᠬᠤ ᠮᠥᠷᠲᠡᠭᠡᠨ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠲᠠᠲᠠᠪᠤᠷᠢᠯᠠᠬᠤ ᠪᠠ ᠨᠤᠷᠠᠭᠠᠬᠤ ᠠᠵᠢᠯ ᠢ ᠬᠠᠤᠯᠢ ᠲᠣᠭᠲᠠᠭᠠᠯ ᠳᠤ ᠨᠡᠶᠢᠴᠡᠭᠦᠯᠦᠨ᠂ ᠵᠦᠶ ᠵᠣᠬᠢᠰᠲᠠᠶ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ ᠲᠤᠬᠢᠷᠠᠭᠤᠯᠭ᠎ᠠ ᠪᠠᠨ ᠴᠢᠩᠭᠠᠳᠬᠠᠵᠤ᠂ ᠠᠬᠢᠴᠠ ᠪᠠᠨ ᠲᠦᠷᠭᠡᠳᠬᠡᠵᠦ᠂ ᠨᠢᠭᠲᠠ ᠬᠠᠮᠵᠢᠯᠴᠠᠵᠤ᠂ ᠬᠦᠴᠦ ᠪᠠᠨ ᠬᠠᠮᠲᠤᠳᠬᠠᠨ ᠂ ᠲᠠᠲᠠᠪᠤᠷᠢᠯᠠᠨ ᠨᠤᠷᠠᠭᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃                        ᠵᠢᠷᠤᠭ᠄ ᠭᠦᠸᠧ ᠸᠧᠨ ᠵᠢᠶᠧ                        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2