ᠵᠢᠨᠢᠩ ᠲᠣᠭᠤᠷᠢᠭ ᠪᠣᠯᠤᠨ ᠤᠯᠠᠭᠠᠨᠴᠠᠪ ᠤᠨ ᠴᠠᠬᠢᠯᠭᠠᠨ ᠬᠠᠩᠭᠠᠬᠤ ᠺᠣᠮᠫᠠᠨᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/2/8
705470.jpg
    2 ᠳ᠋ᠤᠭᠠᠷ ᠰᠠᠷ᠎ᠠ ᠶᠢᠨ 7᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠪᠣᠯᠤᠨ ᠤᠯᠠᠭᠠᠨᠴᠠᠪ ᠤᠨ ᠴᠠᠬᠢᠯᠭᠠᠨ ᠬᠠᠩᠭᠠᠬᠤ ᠺᠣᠮᠫᠠᠨᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠵᠢᠨᠢᠩ ᠲᠣᠭᠤᠷᠢᠭ ᠤᠨ ᠴᠠᠬᠢᠯᠭᠠᠨ ᠬᠦᠴᠦᠨ ᠤ ᠦᠶᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ  ᠶᠠᠪᠤᠳᠠᠯ ᠤᠨ ᠲᠤᠬᠠᠶ ᠰᠠᠨᠠᠯ ᠢᠶᠠᠨ ᠰᠣᠯᠢᠯᠴᠠᠵᠤ ᠵᠥᠪᠳᠡᠯᠴᠡᠪᠡ᠃   ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ᠂ ᠤᠯᠠᠭᠠᠨᠴᠠᠪ ᠤᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠢᠶᠠ ᠰᠢᠨ ᠮᠢᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠶᠠᠷᠢᠯᠴᠠᠬᠤ ᠬᠤᠷᠠᠯ ᠳᠤ ᠣᠷᠣᠯᠴᠠᠪᠠ᠃ ᠵᠠᠩ ᠶᠦᠩ ᠸᠧᠨ ᠴᠠᠬᠢᠯᠭᠠᠨ ᠬᠠᠩᠭᠠᠬᠤ ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠵᠢᠨᠢᠩ ᠲᠣᠭᠤᠷᠢᠭ ᠢ ᠶᠡᠬᠡᠪᠡᠷ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠠᠴᠠ ᠨᠠᠰᠢ ᠴᠠᠬᠢᠯᠭᠠᠨ ᠬᠠᠩᠭᠠᠬᠤ ᠺᠣᠮᠫᠠᠨᠢ ᠴᠠᠬᠢᠯᠭᠠᠨ ᠬᠠᠩᠭᠠᠬᠤ ᠣᠷᠴᠢᠨ ᠨᠥᠬᠦᠴᠡᠯ ᠢ ᠪᠦᠬᠦᠯᠢ ᠴᠣᠭᠴᠠ ᠪᠠᠷ ᠪᠤᠶ ᠪᠣᠯᠭᠠᠬᠤ᠂ ᠴᠠᠬᠢᠯᠭᠠᠨ ᠬᠦᠴᠦᠨ ᠤ ᠦᠢᠯᠡᠴᠢᠯᠡᠭᠡ ᠶᠢ ᠰᠢᠯᠢᠳᠡᠭᠵᠢᠭᠦᠯᠬᠦ᠂ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠤᠨ ᠠᠵᠢᠯ ᠳᠤᠮᠳᠠ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠰᠣᠯᠢᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠤᠨ ᠵᠣᠯᠭᠠᠯᠴᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠠᠬᠢᠯᠭᠠᠨ ᠲᠣᠣᠷ ᠤᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠡᠨᠧᠷᠭᠢ ᠶᠢᠨ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ᠃   ᠵᠢᠶᠠ ᠰᠢᠨ ᠮᠢᠨ ᠢᠯᠡᠷᠬᠡᠶᠢᠯᠡᠬᠦ ᠳᠡᠭᠡᠨ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠡᠯᠭᠦᠬᠦ ᠬᠦᠴᠦᠨ ᠲᠡᠭᠦᠯᠳᠡᠷ ᠪᠠᠶᠢᠨ᠎ᠠ᠂ ᠺᠣᠮᠫᠠᠨᠢ ᠥᠩᠭᠡᠷᠡᠭᠰᠡᠨ ᠲᠠᠢ ᠪᠠᠨ ᠠᠳᠠᠯᠢ ᠪᠠᠷ ᠬᠦᠴᠦᠲᠡᠶ ᠳᠡᠮᠵᠢᠯᠭᠡ ᠦᠵᠡᠭᠦᠯᠵᠦ᠂ ᠴᠠᠬᠢᠯᠭᠠᠨ ᠤ ᠲᠣᠤᠷ ᠤᠨ ᠠᠵᠢᠯᠯᠠᠭᠠᠨ ᠵᠢᠴᠢ ᠴᠠᠬᠢᠯᠭᠠᠨ ᠬᠦᠴᠦᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠢ ᠨᠢᠭᠡᠳᠦᠯᠲᠡᠶ ᠲᠥᠯᠥᠪᠯᠡᠨ ᠰᠢᠶᠳᠪᠦᠷᠢᠯᠡᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ ᠭᠡᠵᠡᠶ᠃    ᠵᠠᠩ ᡁᠢ ᠷᠦᠩ᠂ ᠶᠠᠩ ᠶᠦᠩ ᠵᠢᠴᠢ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃                    ᠵᠢᠷᠤᠭ᠄ ᠭᠦᠸᠧ ᠸᠧᠨ ᠵᠢᠶᠧ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2