ᠵᠢᠨᠢᠩ ᠲᠣᠭᠤᠷᠢᠭ ᠤᠨ ᠬᠢᠨ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/1
705470.jpg
     2 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠮᠲᠤᠷᠠᠯᠴᠠᠭᠠᠨ ᠤ ᠰᠡᠳᠬᠢᠯᠭᠡ ᠪᠠᠨ ᠬᠠᠮᠲᠤ ᠪᠠᠷ ᠶᠠᠷᠢᠯᠴᠠᠵᠤ᠂ ᠬᠥᠭᠵᠢᠯᠲᠡ ᠶᠢᠨ ᠰᠠᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠵᠥᠪᠳᠡᠯᠴᠡᠨ᠂ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠰᠦᠪᠡᠭᠴᠢᠯᠡᠵᠦ᠂ ᠮᠠᠨ ᠤ ᠲᠤᠭᠤᠷᠢᠭ ᠤᠨ ᠪᠥᠬᠦ ᠵᠢᠯ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃    ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠬᠤᠷᠠᠯ ᠡᠷᠭᠢᠯᠡᠪᠡ᠃    ᠶᠠᠷᠢᠯᠴᠠᠬᠤ ᠬᠤᠷᠠᠯ ᠳᠡᠭᠡᠷ᠎ᠡ᠂ ᠱᠢ ᠭᠤᠸᠠᠩ 2022 ᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠤ ᠠᠬᠤᠶᠢᠯᠠᠯ ᠢ ᠬᠠᠪᠰᠤᠷᠴᠤ ᠪᠡᠯᠡ ᠮᠥᠩᠭᠦ ᠴᠤᠭᠯᠠᠭᠤᠯᠬᠤ ᠪᠠᠶᠢᠳᠠᠯ ᠢ ᠮᠡᠳᠡᠭᠳᠡᠪᠡ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠪᠠᠩᠬᠢ ᠶᠢᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠵᠢᠨᠢᠩ ᠲᠣᠭᠤᠷᠢᠭ  ᠪᠤᠯᠤᠨ ᠲᠠᠷᠢᠶᠠᠯᠠᠩ ᠤᠨ  ᠬᠦᠭᠵᠢᠯᠲᠡ ᠶᠢᠨ ᠪᠠᠩᠬᠢ᠂ ᠪᠦᠳᠦᠭᠡᠨ ᠪᠠᠶᠢᠭᠤᠯᠤᠯᠲᠠ ᠶᠢᠨ ᠪᠠᠩᠬᠢ᠂   ᠮᠸᠡᠭ ᠱᠠᠩ ᠪᠠᠩᠬᠢ ᠲᠠᠢ ︽ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤᠬᠢᠷᠠᠯᠴᠠᠵᠠᠢ ᠃ ᠪᠥᠲᠥᠭᠡᠨ ᠪᠠᠶᠢᠭᠤᠯᠤᠯᠲᠠ ᠶᠢᠨ ᠪᠠᠩᠬᠢ ᠬᠢᠭᠡᠳ ᠮᠢᠨ  ᠹᠸᠡᠭ ᠦᠷ᠎ᠡ ᠶᠢᠨ ᠦᠶᠯᠡᠰ ᠤᠨ ᠺᠣᠮᠫᠠᠨᠢ ᠂  ᠮᠸᠡᠭ ᠱᠠᠩ ᠪᠠᠩᠬᠢ ᠬᠢᠭᠡᠳ ᠳ᠋ᠦᠩ ᠶᠠᠩ ᠭᠤᠸᠠᠩ ᠺᠣᠮᠫᠠᠨᠢ ᠲᠣᠰ ᠲᠣᠰ ︽ᠪᠠᠯᠠ ᠲᠣᠬᠢᠷᠠᠭᠤᠯᠭ᠎ᠠ ᠶᠢᠨ ᠬᠡᠯᠡᠯᠴᠡᠭᠡᠷ︾ ᠲᠣᠭᠲᠠᠪᠠ᠃     ᠵᠠᠩ ᠶᠦᠩ ᠸᠧᠨ ᠡᠯ᠎ᠡ ᠠᠵᠤ ᠠᠬᠤᠶᠢᠯᠠᠯ ᠤᠨ ᠤᠯᠠᠨ ᠵᠢᠯ ᠤᠨ ᠲᠤᠷᠰᠢ ᠵᠢᠨᠢᠩ ᠢ ᠢᠲᠡᠭᠡᠵᠦ᠂ ᠵᠢᠨᠢᠩ ᠳᠤ ᠦᠨᠳᠦᠰᠦᠯᠡᠵᠦ᠂ ᠵᠢᠨᠢᠩ ᠤᠨ ᠬᠥᠭᠵᠢᠯᠲᠡ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠪᠠ᠃ ᠡᠯ᠎ᠡ ᠠᠵᠤ ᠠᠬᠤᠶᠢᠯᠠᠯ ᠤᠨ ᠬᠢᠨ ᠤᠳᠤ ᠪᠠᠶᠢᠭ᠎ᠠ ᠳᠠᠪᠠᠭᠤᠯᠢᠭ ᠲᠠᠭᠠᠨ ᠲᠦᠰᠢᠭᠯᠡᠵᠦ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠲᠠᠲᠠᠵᠤ᠂ ᠪᠡᠯᠡ ᠮᠥᠩᠭᠦ ᠪᠠᠷ ᠪᠡᠯᠡ ᠣᠷᠣᠭᠤᠯᠵᠤ᠂ ᠵᠢᠨᠢᠩ ᠲᠣᠭᠤᠷᠢᠭ ᠢ ᠬᠠᠪᠰᠤᠷᠤᠨ  ᠢᠵᠢ ᠪᠦᠷᠢᠳᠦᠭᠦᠯᠬᠦ ᠶᠢ ᠳᠠᠶᠢᠴᠢᠯᠠᠵᠤ᠂ ᠨᠡᠩ ᠤᠯᠠᠨ ᠠᠵᠤ ᠠᠬᠤᠶᠢᠯᠠᠯ ᠤᠨ ᠵᠢᠨᠢᠩ ᠳᠤ ᠡᠷᠦᠬᠡ ᠣᠷᠣᠬᠤ ᠶᠢ ᠬᠦᠳᠦᠯᠦᠨ ᠵᠢᠯᠣᠭᠤᠳᠬᠤ ᠶᠢ ᠬᠦᠰᠡᠵᠦ ᠪᠠᠶᠢᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠡᠯ᠎ᠡ ᠵᠦᠢᠯ ᠤᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ  ᠬᠢᠨᠠᠮᠠᠭᠠᠢ ᠨᠠᠶᠢᠳᠠᠪᠤᠷᠢᠵᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠰᠢᠯᠢᠳᠡᠭᠵᠢᠭᠦᠯᠵᠦ᠂ ᠲᠡᠰ ᠳᠠᠷᠠᠭᠠᠯᠠᠯ ᠢ ᠳᠥᠭᠦᠮᠴᠢᠯᠡᠵᠦ᠂ ᠴᠠᠭ ᠬᠤᠭᠤᠴᠠᠭ᠎ᠠ ᠶᠢ ᠪᠠᠭᠠᠰᠬᠠᠵᠤ᠂ ᠬᠦᠦ ᠮᠥᠩᠭᠦ ᠶᠢᠨ ᠨᠤᠷᠮ᠎ᠠ ᠶᠢ ᠳᠣᠣᠷ᠎ᠠ ᠪᠠᠶᠢᠯᠭᠠᠵᠤ ᠳᠡᠶᠢᠯᠪᠡᠯ ᠳᠣᠣᠷ᠎ᠠ ᠪᠣᠯᠭᠠᠵᠤ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠠᠮᠤᠭ ᠤᠨ ᠶᠡᠭᠡ ᠲᠦᠬᠦᠮ ᠦᠵᠡᠭᠦᠯᠬᠦ ᠬᠡᠷᠡᠭᠲᠡᠢ᠃    ᠵᠠᠩ ᠶᠦᠩ ᠸᠧᠨ ᠴᠢᠬᠤᠯᠠᠴᠢᠯᠠᠭᠰᠠᠨ ᠨᠢ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠲᠤ ᠴᠢᠩᠭ᠎ᠠ ᠥᠮᠥᠭ ᠲᠦᠰᠢᠭ ᠪᠤᠯᠵᠤ᠂ ᠠᠵᠤ ᠠᠬᠤᠶᠢᠯᠠᠯ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠳᠥᠭᠦᠮ ᠳᠥᠲᠡ ᠦᠢᠯᠡᠴᠢᠯᠡᠭᠡ ᠬᠠᠩᠭᠠᠬᠤ ᠬᠡᠷᠡᠭᠲᠡᠢ᠃  ᠲᠤᠭᠤᠷᠢᠭ ᠤᠨ ᠱᠠᠲᠤᠨ ᠤ ᠤᠳᠤᠷᠢᠳᠤᠯᠭ᠎ᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ᠂ ᠴᠢᠬᠤᠯᠠ ᠶᠡᠭᠡ ᠲᠦᠷᠦᠯ ᠵᠦᠢᠯ ᠲᠠᠢ ᠬᠤᠯᠪᠣᠭᠠᠯᠠᠬᠤ ᠶᠢ ᠳᠠᠭᠠᠭᠠᠴᠢᠯᠠᠬᠤ ᠲᠦᠷᠢᠮ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠦᠴᠢᠷᠳᠡᠯ ᠳᠤ ᠲᠤᠯᠭᠠᠷᠠᠭᠰᠠᠨ ︽ᠳᠠᠷᠤᠢ ᠳᠤᠨᠢ ᠭᠦᠢᠴᠡᠳᠬᠡᠬᠦ︾᠂ ︽ᠪᠦᠬᠦᠨ ᠢ ᠡᠴᠦᠰ ᠲᠤᠨᠢ ᠲᠤᠯᠲᠠᠯ᠎ᠠ ᠳᠠᠭᠠᠭᠠᠴᠢᠯᠠᠭᠤᠯᠬᠤ︾ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠬᠤᠬᠢᠷᠠᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠵᠤ ᠠᠬᠤᠶᠢᠯᠠᠯ ᠳᠤ ᠠᠭᠤᠵᠢᠭᠤ ᠪᠥᠭᠡᠳ ᠡᠷᠬᠡ ᠲᠡᠭᠰᠢ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃     ᠶᠤᠤ ᠬᠠᠢ ᠮᠢᠩ᠂ ᠡᡁᠧ ᠷᠦᠨ ᠭᠧᠨ᠂ ᠵᠠᠩ ᡁᠢ ᠷᠦᠩ᠂ ᠶᠠᠩ ᠶᠦᠩ᠂ ᠵᠦ ᠶᠠᠨ ᠵᠢᠶᠦ᠋ᠨ᠂ ᠱᠢ ᠭᠤᠸᠠᠩ ᠵᠢᠴᠢ  ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠪᠠᠩᠬᠢ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃                   ᠵᠢᠷᠤᠭ᠄ ᠴᠢᠶᠤᠤ ᠮᠢᠨ                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2