ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2023 ᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/1
793470.jpg
    2 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      ᠬᠤᠷᠠᠯ ᠠᠴᠠ ᠰᠢ ᠶᠢᠨ ᠫᠢᠩ ᠤ ᠶᠡᠷᠦᠩᠬᠡᠢ ᠱᠦᠵᠢ ᠶᠢᠨ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ  ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠰᠠᠨᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠠᠳᠬᠤᠬᠤ︾ ᠵᠠᠷᠴᠢᠮ ᠢ ᠴᠢᠩᠭ᠎ᠠ ᠵᠢᠷᠤᠮᠯᠠᠨ᠂ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠳᠠᠬᠢᠨ  ᠴᠢᠩᠭᠠᠷᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ᠰᠤᠯᠠᠷᠠᠬᠤ ᠪᠠ ᠮᠢᠨᠴᠦᠭᠦᠷᠡᠨ ᠲᠠᠶᠢᠪᠤᠰᠢᠷᠠᠬᠤ ᠶᠢ  ᠬᠤᠷᠢᠭᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠥᠨᠴᠥᠭ ᠪᠤᠯᠤᠩ ᠦᠭᠡᠢ ᠪᠠᠶᠢᠬᠤ᠂ ᠬᠢᠨᠠᠯᠲᠠ ᠬᠠᠮᠢᠶᠠᠷᠤᠯᠲᠠ ᠳᠤ ᠪᠠᠯᠠᠢ ᠭᠠᠵᠠᠷ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠠᠮᠢᠶ᠎ᠠ ᠪᠦᠬᠦᠢ ᠲᠡᠳᠬᠦᠬᠦ ᠲᠦᠷᠦ ᠶᠢᠨ ᠪᠤᠳᠤᠯᠭ᠎ᠠ ᠶᠢ  ᠬᠢᠨᠠᠮᠠᠭᠠᠢ ᠰᠤᠳᠤᠯᠤᠨ ᠡᠮᠬᠢᠯᠡᠵᠦ ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠤᠯᠤᠯᠴᠠᠨ ᠵᠣᠯᠭᠠᠭᠤᠯᠵᠤ᠂ ᠲᠦᠷᠦ ᠶᠢᠨ ᠪᠤᠳᠤᠯᠭ᠎ᠠ᠂ ᠪᠡᠯᠡ ᠮᠥᠩᠭᠦ ᠵᠡᠷᠭᠡ ᠤᠯᠠᠨ ᠲᠠᠯ᠎ᠠ ᠶᠢᠨ ᠳᠡᠮᠵᠢᠯᠭᠡ ᠶᠢ ᠴᠢᠷᠮᠠᠶᠢᠨ ᠣᠯᠵᠤ᠂ ᠬᠥᠳᠡᠭᠡ ᠠᠵᠤ ᠠᠬᠤᠢ ᠶᠢᠨ ᠪᠠᠶᠢᠷᠢᠰᠢᠭᠤᠯᠤᠯᠲᠠ ᠪᠣᠯᠤᠨ ᠠᠵᠤ ᠦᠢᠯᠡᠰ ᠤᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠬᠦ ᠬᠡᠷᠡᠭᠲᠡᠢ᠃      ᠬᠤᠷᠠᠯ ᠠᠴᠠ ᠵᠢᠨᠢᠩ ᠲᠣᠭᠤᠷᠢᠭ ᠤᠨ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ᠂ ᠤᠯᠤᠰ ᠎ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ 2023 ᠣᠨ ᠤ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠰᠣᠨᠣᠰᠬᠤ ᠶᠢᠨ ᠬᠠᠮᠲᠤ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ      ᠬᠤᠷᠠᠯ ᠠᠴᠠ ᠴᠢᠬᠤᠯᠠᠴᠢᠯᠠᠭᠰᠠᠨ ᠨᠢ ︽ᠲᠠᠪᠤᠨ ᠶᠡᠭᠡ ᠡᠭᠦᠷᠭᠡ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ  ᠲᠤᠭᠤᠷᠢᠭ ᠤᠨ ᠪᠣᠳᠠᠲᠠᠶ ᠳᠤ ᠰᠠᠭᠤᠷᠢᠯᠠᠨ᠂ ᠬᠤᠷᠠᠯ ᠤᠨ ᠶᠠᠷᠢᠯᠴᠠᠭᠰᠠᠨ ᠰᠠᠨᠠᠯ ᠢ  ᠬᠢᠨᠠᠮᠠᠭᠠᠶ ᠭᠥᠯᠢᠶᠡᠨ ᠠᠪᠴᠤ᠂ ᠡᠯ᠎ᠡ ᠵᠦᠶᠯ ᠤᠨ ᠵᠥᠪᠯᠡᠬᠦ ᠰᠡᠳᠦᠪ ᠤᠨ ᠪᠣᠳᠠᠲᠠᠶ ᠬᠡᠷᠡᠭᠵᠢᠭᠦᠯᠬᠦ ᠠᠭᠤᠯᠭ᠎ᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠠᠵᠢᠯ ᠤᠨ ᠬᠦᠷᠢᠶ᠎ᠡ ᠬᠡᠪᠴᠢᠶ᠎ᠡ ᠶᠢ ᠢᠯᠭᠠᠨ ᠲᠣᠳᠣᠷᠬᠠᠶᠢᠯᠠᠵᠤ᠂ ᠡᠭᠦᠷᠭᠡ ᠶᠢᠨ ᠨᠠᠷᠢᠨ ᠲᠠᠩᠰᠠ ᠶᠢ ᠲᠣᠳᠣᠷᠬᠠᠶᠢᠯᠠᠨ᠂ ᠱᠠᠯᠠᠪᠳᠠᠨ ᠬᠥᠳᠡᠯᠦᠯᠴᠡᠵᠦ᠂ ︽ᠲᠠᠪᠤᠨ ᠶᠡᠭᠡ ᠡᠭᠦᠷᠭᠡ︾᠎ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠪᠠᠷ ᠡᠯ᠎ᠡ ᠵᠦᠶᠯ ᠤᠨ ᠠᠵᠢᠯ ᠤᠨ ᠠᠮᠵᠢᠯᠲᠠ ᠪᠦᠲᠦᠮᠵᠢ ᠤᠯᠬᠤ ᠶᠢ ᠳᠠᠶᠢᠴᠢᠯᠠᠬᠤ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                  ᠵᠢᠷᠤᠭ᠄ ᠭᠦᠸᠧ ᠸᠧᠨ ᠵᠢᠶᠧ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2