ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠴᠢᠬᠤᠯᠠ ᠶᠡᠭᠡ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠪᠠ ᠤᠶᠢᠷ᠎ᠠ ᠶᠢᠨ ᠬᠤᠭᠤᠴᠠᠭᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠵᠣᠯᠭᠠᠭᠤᠯᠤᠭᠰᠠᠨ ᠪᠠᠶᠢᠳᠠᠯ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2023/3/10
705470.jpg
      3 ᠰᠠᠷ᠎ᠠ ᠶᠢᠨ 9᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠴᠢᠬᠤᠯᠠ ᠶᠡᠭᠡ ᠵᠦᠶᠯᠡᠰ ᠤᠨ ᠭᠠᠷᠳᠠᠮ ᠢ ᠭᠦᠶᠴᠡᠳᠬᠡᠬᠦ ᠪᠠ ᠣᠶᠢᠷ᠎ᠠ ᠶᠢᠨ ᠬᠤᠭᠤᠴᠠᠭᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠦᠶᠯᠡᠰ ᠢ ᠵᠣᠯᠭᠠᠭᠤᠯᠤᠭᠰᠠᠨ ᠪᠠᠶᠢᠳᠠᠯ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠠᠶ᠃      ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ᠂ ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠵᠠᠩ ᡁᠢ ᠷᠦᠩ᠂ ᠶᠠᠩ ᠶᠦᠩ᠂ ᠯᠢ ᠯᠢᠨ᠂ ᠱᠢ ᠭᠤᠸᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ ᠬᠤᠳᠠ᠂ ᠲᠣᠭᠤᠷᠢᠭ ᠬᠤᠶᠠᠷ ᠱᠠᠲᠤᠨ ᠤ ᠴᠢᠬᠤᠯᠠ ᠶᠡᠭᠡ ᠲᠦᠷᠦᠯ ᠵᠦᠢᠯ ᠤᠨ ᠭᠠᠷᠳᠠᠮ ᠢ ᠭᠦᠢᠴᠡᠳᠬᠡᠭᠰᠡᠨ᠂ ᠲᠦᠷᠦᠯ ᠵᠦᠢᠯ ᠢ ᠪᠦᠯᠦᠭ ᠬᠤᠪᠢᠶᠠᠨ ᠠᠵᠢᠯ ᠡᠬᠢᠯᠡᠭᠦᠯᠬᠦ ᠪᠡᠯᠡᠳᠬᠡᠯ ᠬᠢᠭᠰᠡᠨ ᠪᠠᠶᠢᠳᠠᠯ ᠵᠢᠴᠢ ᠤᠶᠢᠷ᠎ᠠ ᠶᠢᠨ ᠬᠤᠭᠤᠴᠠᠭᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠪᠦᠬᠦᠯᠢ ᠴᠣᠭᠴᠠ ᠶᠢᠨ ᠵᠣᠯᠭᠠᠯᠴᠠᠭ᠎ᠠ ᠶᠢᠨ ᠪᠠᠶᠢᠳᠠᠯ ᠢ ᠰᠣᠨᠣᠰᠤᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠢ ᠰᠢᠢᠳᠪᠦᠷᠢᠯᠡᠬᠦ ᠠᠷᠭ᠎ᠠ  ᠬᠡᠮᠵᠢᠶ᠎ᠡ ᠳᠤᠷᠠᠳᠴᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠭᠠᠷᠳᠠᠮ ᠢ ᠭᠦᠶᠴᠡᠳᠬᠡᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ᠂ ᠠᠵᠤ ᠠᠬᠤᠶᠢᠯᠠᠯ ᠤᠨ ᠠᠵᠢᠯ ᠡᠬᠢᠯᠡᠭᠦᠯᠦᠨ ᠠᠵᠢᠯ ᠢᠶᠠᠨ ᠰᠡᠷᠭᠦᠭᠡᠬᠦ ᠶᠢ ᠢᠳᠡᠪᠬᠢᠲᠡᠶ ᠪᠠᠷ ᠰᠢᠮᠳᠠᠭᠤᠯᠤᠨ ᠵᠢᠯᠣᠭᠤᠳᠴᠤ᠂ ᠲᠥᠷᠥᠯ ᠵᠦᠶᠯ ᠤᠨ ᠲᠣᠭᠲᠠᠭᠰᠠᠨ ᠬᠤᠭᠤᠴᠠᠭᠠᠨ ᠳᠠᠭᠠᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠠᠷᠠᠯᠵᠢᠶᠠᠴᠢᠨ ᠤᠷᠢᠬᠤ ᠮᠡᠳᠡᠭᠡ ᠵᠠᠩᠭᠢ ᠶᠢ ᠴᠤᠭᠯᠠᠭᠤᠯᠬᠤ᠂ ᠵᠣᠯᠭᠠᠭᠤᠯᠤᠨ ᠵᠥᠪᠳᠡᠯᠴᠡᠬᠦ᠂ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠵᠢᠷᠤᠵᠤ ᠲᠥᠯᠥᠪᠯᠡᠬᠦ᠂ ᠭᠠᠵᠠᠷ ᠲᠠᠲᠠᠪᠤᠷᠢᠯᠠᠨ ᠭᠠᠵᠠᠷ ᠬᠠᠩᠭᠠᠬᠤ᠂ ᠲᠦᠷᠦᠯ ᠵᠦᠢᠯ ᠤᠨ ᠦᠢᠯᠡᠴᠢᠯᠡᠭᠡ ᠵᠡᠷᠭᠡ ᠲᠠᠯ᠎ᠠ ᠶᠢᠨ ᠡᠯᠧᠮᠧᠨ᠋ᠲ ᠤᠨ ᠪᠠᠲᠤᠯᠠᠭ᠎ᠠ ᠶᠢ ᠬᠢᠨᠠᠮᠠᠭᠠᠢ ᠰᠠᠶᠢᠲᠤᠷ ᠬᠢᠵᠦ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠪᠡᠶᠡᠯᠡᠭᠦᠯᠵᠦ᠂ ᠮᠠᠨ ᠤ  ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦᠯ ᠵᠦᠢᠯ ᠤᠨ ᠳᠠᠭᠠᠭᠠᠴᠠ ᠶᠢ ᠴᠢᠩᠭᠠᠳᠬᠠᠬᠤ ᠬᠡᠷᠡᠭᠲᠡᠢ᠃                  ᠵᠢᠷᠤᠭ᠄ ᠴᠢᠶᠤᠤ ᠮᠢᠨ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2