| | | | | | | | 3 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠬᠡᠷ ᠪᠠᠶᠢᠰᠢᠩ ᠭᠠᠵᠠᠷ | ᠬᠥᠷᠥᠩᠭᠡ ᠶᠢᠨ ︽ᠭᠤᠷᠪᠠᠨ ᠪᠡᠷᠬᠡ︾ ᠶᠢᠨ ᠠᠰᠠᠭᠤᠳᠠᠯ ᠤᠨ ᠰᠢᠪᠲᠤᠯᠤᠯᠲᠠ ᠶᠢᠨ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠮᠠᠨ ᠤ ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠠᠰᠠᠭᠤᠳᠠᠯ ᠢ ᠰᠢᠶᠳᠪᠦᠷᠢᠯᠡᠬᠦ ᠲᠥᠰᠦᠯ ᠢ ᠶᠠᠷᠢᠯᠴᠠᠨ ᠰᠤᠳᠤᠯᠵᠤ᠂ ᠲᠠᠷᠠᠭᠠᠴᠢ ᠶᠢᠨ ᠱᠠᠲᠤᠨ ᠤ ᠠᠵᠢᠯ ᠢᠶᠠᠨ | ᠳᠣᠭᠢᠷᠠᠭᠤᠯᠤᠨ ᠪᠠᠶᠢᠷᠢᠯᠠᠭᠤᠯᠪᠠ᠃ | ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ | ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠡᠷ ᠪᠠᠶᠢᠰᠢᠩ ᠭᠠᠵᠠᠷ | ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾ ᠠᠰᠠᠭᠤᠳᠠᠯ ᠢ ᠰᠢᠶᠳᠪᠦᠷᠢᠯᠡᠬᠦ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ ᠬᠠᠷᠢᠭᠤᠴᠠᠯᠭ᠎ᠠ ᠪᠠ ᠭᠤᠤᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠡᠮᠬᠢᠯᠡᠵᠦ | ᠨᠠᠷᠢᠯᠢᠬᠵᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ | ᠭᠦᠶᠴᠡᠳᠬᠡᠵᠦ᠂ ᠨᠢᠭᠲᠠ ᠬᠠᠮᠵᠢᠯᠴᠠᠨ᠂ ᠨᠡᠪᠲᠡᠷᠡᠯᠴᠡᠨ ᠵᠣᠯᠭᠠᠭᠤᠯᠬᠤ ᠪᠠᠨ ᠴᠢᠩᠭᠠᠳᠬᠠᠵᠤ᠂ ᠱᠠᠲᠤ ᠱᠠᠲᠤ ᠪᠠᠷ | ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ︽ᠭᠤᠷᠪᠠᠨ | ᠪᠡᠷᠬᠡ︾ ᠶᠢᠨ ᠬᠦᠷᠢᠶᠡᠨ ᠳᠠᠬᠢ ᠡᠯ᠎ᠡ ᠲᠥᠷᠥᠯ ᠤᠨ ᠲᠣᠪᠤᠶᠢᠮ᠎ᠠ᠂ ᠬᠦᠴᠢᠷ ᠠᠰᠠᠭᠤᠳᠠᠯ ᠳᠤ ᠴᠢᠭᠯᠡᠭᠦᠯᠦᠨ᠂ | ᠪᠣᠭᠤᠮᠲᠠ ᠰᠢᠪᠲᠤᠯᠬᠤ ᠲᠤᠰᠬᠠᠶ ᠠᠩᠭᠢ ᠳᠤ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ | ᠪᠠᠷᠢᠮᠲᠠᠯᠠᠵᠤ᠂ ᠡᠭᠦᠷᠭᠡ ᠶᠢᠨ ᠠᠵᠢᠯ ᠤᠨ ᠬᠤᠭᠤᠴᠠᠭ᠎ᠠ ᠶᠢ ᠵᠢᠭᠰᠠᠭᠠᠵᠤ᠂ ᠮᠠᠨ ᠤ ᠲᠤᠭᠤᠷᠢᠭ ᠤᠨ ᠬᠡᠷ ᠪᠠᠶᠢᠰᠢᠩ | ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ | ᠲᠦᠢᠯᠪᠤᠷᠢᠲᠠᠶ ᠰᠢᠶᠳᠪᠦᠷᠢᠯᠡᠬᠦ ᠶᠢ ᠠᠬᠢᠭᠤᠯᠬᠤ ᠬᠡᠷᠡᠭᠲᠡᠶ᠃ | ᠶᠤᠤ ᠬᠠᠶ ᠮᠢᠩ᠂ ᠸᠠᠩ ᠬᠦᠶ ᠴᠧᠩ᠂ ᠸᠠᠩ ᠯᠢ ᠰᠢᠨ᠂ ᠶᠠᠩ ᠶᠦᠩ᠂ ᠱᠢ ᠭᠤᠸᠠᠩ᠂ ᠬᠤᠤ ᠵᠢᠶᠠᠨ ᠰᠢᠤ | ᠂ ᠫᠠᠩ ᠵᠢᠶᠦ᠋ᠨ ᠫᠢᠩ᠂ ᠬᠥᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠶ᠃ | ᠵᠢᠷᠤᠭ᠄ ᠴᠢᠶᠤᠤ ᠮᠢᠨ | ᠤᠷᠴᠢᠭᠤᠯᠤᠭᠴᠢ᠄ ᠲᠤᠶᠠᠭ᠎ᠠ | | | |