ᠺᠠᠨᠭ᠌ ᠬᠠᠢ ᠷᠦᠢ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ︽ᠭᠤᠷᠪᠠᠨ ᠪᠡᠷᠬᠡ︾᠎  ᠠᠰᠠᠭᠤᠳᠠᠯ ᠎ ᠢ ᠰᠢᠶᠳᠪᠦᠷᠢᠯᠡᠬᠦ ᠠᠵᠢᠯ ᠢ  ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/10
705470.jpg
     3 ᠳ᠋ᠤᠭᠠᠷ ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠬᠡᠷ ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ ᠪᠡᠷᠬᠡ︾᠎ ᠶᠢᠨ ᠠᠰᠠᠭᠤᠳᠠᠯ ᠤᠨ ᠰᠢᠪᠲᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠮᠠᠨ ᠤ ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠢ ᠰᠢᠶᠳᠪᠦᠷᠢᠯᠡᠬᠦ ᠲᠥᠰᠦᠯ ᠢ ᠶᠠᠷᠢᠯᠴᠠᠨ ᠰᠤᠳᠤᠯᠵᠤ᠂ ᠲᠠᠷᠠᠭᠠᠴᠢ ᠶᠢᠨ ᠱᠠᠲᠤᠨ ᠤ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃       ᠬᠤᠷᠠᠯ ᠠᠴᠠ  ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾ ᠠᠰᠠᠭᠤᠳᠠᠯ ᠢ ᠰᠢᠶᠳᠪᠦᠷᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ ᠬᠠᠷᠢᠭᠤᠴᠠᠯᠭ᠎ᠠ ᠪᠠ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠡᠮᠬᠢᠯᠡᠵᠦ  ᠨᠠᠷᠢᠯᠢᠬᠵᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠶᠴᠡᠳᠬᠡᠵᠦ᠂ ᠨᠢᠭᠲᠠ ᠬᠠᠮᠵᠢᠯᠴᠠᠨ᠂ ᠨᠡᠪᠲᠡᠷᠡᠯᠴᠡᠨ ᠵᠣᠯᠭᠠᠭᠤᠯᠬᠤ ᠪᠠᠨ ᠴᠢᠩᠭᠠᠳᠬᠠᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ︽ᠭᠤᠷᠪᠠᠨ ᠪᠡᠷᠬᠡ︾᠎ ᠶᠢᠨ ᠬᠦᠷᠢᠶᠡᠨ ᠳᠠᠬᠢ ᠡᠯ᠎ᠡ ᠲᠥᠷᠥᠯ ᠤᠨ ᠲᠣᠪᠤᠶᠢᠮ᠎ᠠ᠂ ᠬᠦᠴᠢᠷ ᠠᠰᠠᠭᠤᠳᠠᠯ ᠳᠤ ᠴᠢᠭᠯᠡᠭᠦᠯᠦᠨ᠂ ᠪᠣᠭᠤᠮᠲᠠ ᠰᠢᠪᠲᠤᠯᠬᠤ ᠲᠤᠰᠬᠠᠶ ᠠᠩᠭᠢ ᠳᠤ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠡᠭᠦᠷᠭᠡ ᠶᠢᠨ ᠠᠵᠢᠯ ᠤᠨ ᠬᠤᠭᠤᠴᠠᠭ᠎ᠠ ᠶᠢ ᠵᠢᠭᠰᠠᠭᠠᠵᠤ᠂ ᠮᠠᠨ ᠤ  ᠲᠤᠭᠤᠷᠢᠭ ᠤᠨ  ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ ᠲᠦᠢᠯᠪᠤᠷᠢᠲᠠᠶ ᠰᠢᠶᠳᠪᠦᠷᠢᠯᠡᠬᠦ ᠶᠢ  ᠠᠬᠢᠭᠤᠯᠬᠤ ᠬᠡᠷᠡᠭᠲᠡᠶ᠃      ᠶᠤᠤ ᠬᠠᠶ ᠮᠢᠩ᠂ ᠸᠠᠩ ᠬᠦᠶ ᠴᠧᠩ᠂ ᠸᠠᠩ ᠯᠢ ᠰᠢᠨ᠂ ᠶᠠᠩ ᠶᠦᠩ᠂ ᠱᠢ ᠭᠤᠸᠠᠩ᠂ ᠬᠤᠤ ᠵᠢᠶᠠᠨ ᠰᠢᠤ ᠂ ᠫᠠᠩ ᠵᠢᠶᠦ᠋ᠨ ᠫᠢᠩ᠂ ᠬᠥᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                  ᠵᠢᠷᠤᠭ᠄ ᠴᠢᠶᠤᠤ ᠮᠢᠨ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2