ᠵᠢᠨᠢᠩ ᠲᠣᠭᠤᠷᠢᠭ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/13
705470.jpg
      3 ᠰᠠᠷ᠎ᠠ ᠶᠢᠨ 11᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠵᠢᠨᠢᠩ ᠲᠣᠭᠤᠷᠢᠭ ᠤᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠪᠠᠶᠢᠭᠤᠯᠬᠤ ᠠᠵᠢᠯ ᠳᠤ  ᠲᠣᠬᠢᠷᠠᠭᠤᠯᠤᠯᠲᠠ   ᠳᠠᠶᠢᠴᠢᠯᠠᠯᠲᠠ  ᠪᠠᠶᠢᠷᠢᠯᠠᠭᠤᠯᠤᠯᠲᠠ ᠬᠢᠪᠠ᠃     ᠺᠠᠩ ᠬᠠᠶ ᠷᠦᠢ᠂ ᠰᠢᠤᠢ ᠯᠦᠩ᠂ ᠲᠦᠩ ᠢ ᠵᠡᠷᠭᠡ ᠲᠣᠭᠤᠷᠢᠭ ᠤᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠯᠢ ᠵᠢᠩ ᠣᠶᠢᠷ᠎ᠠ ᠶᠢᠨ ᠬᠤᠭᠤᠴᠠᠭᠠᠨ ᠤ ᠬᠤᠲᠠ ᠪᠠᠶᠢᠭᠤᠯᠬᠤ ᠠᠵᠢᠯ ᠤᠨ ᠶᠡᠷᠦᠩᠬᠡᠶ ᠪᠠᠶᠢᠳᠠᠯ ᠢ ᠮᠡᠳᠡᠭᠳᠡᠪᠡ ᠃ ᠬᠤᠳᠠ ᠪᠠᠶᠢᠭᠤᠯᠬᠤ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠬᠤᠳᠠ ᠪᠠᠶᠢᠭᠤᠯᠬᠤ ᠭᠤᠣᠯᠳᠠᠯᠭ᠎ᠠ ᠲᠠᠢ ᠰᠠᠯᠠᠭ᠎ᠠ ᠮᠥᠴᠢᠷ ᠵᠢᠴᠢ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠠᠴᠠ ᠤᠶᠢᠷ᠎ᠠ ᠶᠢᠨ ᠬᠤᠭᠤᠴᠠᠭᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠦᠯᠢᠶᠡᠵᠦ ᠪᠣᠯᠬᠤ ᠥᠬᠡᠶ᠂ ᠤᠳᠠᠭᠠᠰᠢᠷᠠᠭᠤᠯᠵᠤ ᠪᠣᠯᠬᠤ ᠥᠬᠡᠶ᠂ ᠢᠯᠠᠭᠳᠠᠵᠤ ᠪᠣᠯᠬᠤ ᠥᠬᠡᠶ︾ ᠠᠵᠢᠯ ᠤᠨ ᠰᠤᠷᠲᠠᠯ ᠪᠠ ︽ᠴᠠᠭ ᠢᠮᠠᠭᠲᠠ ᠰᠡᠳᠬᠢᠯ  ᠲᠠᠯᠪᠢᠬᠤ︾ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠭᠤᠤᠯᠳᠠᠯᠭ᠎ᠠ ᠶᠢ ᠳᠣᠪᠤᠶᠢᠯᠭᠠᠨ᠂ ᠬᠠᠷᠠᠯᠲᠠ ᠶᠢᠨ ᠴᠢᠭᠯᠡᠯ ᠢᠶᠠᠷ ᠬᠦᠴᠦᠯᠡᠨ ᠴᠢᠷᠮᠠᠶᠢᠵᠤ᠂ ᠪᠠᠷᠢᠮᠵᠢᠶ᠎ᠠ ᠶᠢ ᠬᠠᠷᠭᠤᠭᠤᠯᠵᠤ᠂ ᠬᠦᠴᠦᠷᠬᠡᠭ ᠢ ᠪᠠᠬᠢᠵᠢᠭᠦᠯᠵᠦ ᠪᠠᠭᠤᠷᠠᠶ ᠶᠢ ᠨᠥᠬᠦᠪᠥᠷᠢᠯᠡᠵᠦ᠂ ᠡᠭᠦᠳᠦᠨ ᠪᠠᠶᠢᠭᠤᠯᠬᠤ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠶ᠃ ᠨᠢᠭᠲᠠ ᠬᠠᠮᠵᠢᠯᠴᠠᠵᠤ᠂ ᠠᠵᠢᠯ ᠢᠶᠠᠨ ᠬᠤᠪᠢᠶᠠᠷᠢᠯᠠᠨ ᠬᠠᠷᠢᠭᠤᠴᠠᠵᠤ᠂ ᠬᠦᠴᠦ ᠪᠠᠨ ᠬᠠᠮᠲᠤᠳᠬᠠᠵᠤ᠂ ᠬᠠᠷᠢᠯᠴᠠᠨ ᠲᠦᠯᠬᠢᠯᠴᠡᠬᠦ᠂ ᠤᠳᠠᠭᠠᠰᠢᠷᠠᠭᠤᠯᠤᠨ ᠬᠤᠶᠢᠷᠭᠤᠰᠢᠭᠤᠯᠬᠤ ᠵᠡᠷᠭᠡ ᠦᠵᠡᠭᠳᠡᠯ ᠢ ᠬᠤᠷᠢᠭᠯᠠᠵᠤ᠂ ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠤᠨ ᠠᠬᠢᠭᠤᠯᠬᠤ ᠬᠡᠷᠡᠭᠲᠡᠢ  ᠭᠡᠵᠡᠢ᠃       ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂  ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                    ᠵᠢᠷᠤᠭ᠄ ᠴᠢᠶᠤᠤ ᠮᠢᠨ                    ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2