ᠤᠯᠠᠮᠵᠢᠯᠠᠯᠳᠤ ᠨᠡᠬᠦᠳᠠᠯ ᠮᠠᠯᠵᠢᠯ ᠠᠵᠤ ᠠᠬᠤᠢ ᠶᠢᠨ ᠴᠢᠬᠤᠯᠨ ᠴᠢᠨᠡᠷ
ᠨᠡᠶᠢᠲᠡᠯᠡᠭᠰᠡᠨ ᠴᠠᠭ᠄
2023/3/15
      ᠤᠯᠠᠮᠵᠢᠯᠠᠯᠳᠤ ᠨᠡᠬᠦᠳᠠᠯ ᠮᠠᠯᠵᠢᠯ ᠠᠵᠤ ᠠᠬᠤᠢ ᠨᠢ ᠦᠠᠳᠦᠰᠦᠳᠠᠨ ᠤ ᠤᠠᠴᠠᠯᠢᠭ᠂ ᠤᠷᠤᠨ ᠨᠤᠳᠤᠭ ᠤᠨ ᠤᠠᠴᠠᠯᠢᠭ ᠪᠦᠬᠦᠢ  ᠠᠵᠤ ᠠᠬᠤᠢ ᠪᠤᠯᠤᠨ᠎ᠠ᠃ ᠨᠡᠬᠦᠳᠠᠯ ᠮᠠᠯᠵᠢᠯ ᠨᠢ ᠬᠦᠮᠦᠨ ᠲᠦᠷᠦᠯᠬᠢᠳᠠᠨ ᠤ ᠪᠠᠶᠢᠭᠠᠯᠢ ᠲᠠᠢ ᠵᠤᠬᠢᠴᠠᠯᠳᠤᠬᠤ ᠡᠨᠡᠬᠦ ᠠᠮᠢ ᠠᠬᠤᠢ ᠶᠢᠨ ᠰᠢᠰᠲ᠋ᠧᠮ ᠢ ᠪᠦᠳᠦᠬᠡᠵᠤ᠂ ᠤᠷᠳᠤ ᠤᠳᠠᠭᠠᠨ ᠲᠠᠤᠬᠡᠨ ᠶᠠᠪᠤᠴᠠ ᠳᠤ ᠨᠢᠬᠡ ᠪᠦᠯᠦᠭ ᠬᠦᠮᠦᠰ ᠤᠨ ᠤᠷᠤᠰᠢᠯ ᠲᠤᠭᠳᠠᠨᠢᠯ ᠵᠢᠴᠢ ᠬᠦᠭᠵᠢᠯᠳᠠ ᠳᠤ ᠰᠢᠢᠤᠨᠪᠦᠷᠢᠯᠡᠭᠴᠢ ᠦᠢᠯᠡᠳᠤᠯ ᠦᠵᠡᠬᠦᠯᠦᠭᠰᠡᠨ ᠪᠠᠶᠢᠨ᠎ᠠ᠃ ᠡᠬᠦᠨ ᠳᠤ ᠨᠡᠬᠦᠳᠠᠯ ᠮᠠᠯᠵᠢᠬᠤ ᠠᠵᠤ ᠠᠬᠤᠢ᠂ ᠨᠡᠬᠦᠳᠠᠯᠴᠢᠨ ᠦᠠᠳᠦᠰᠦᠳᠠᠨ ᠤ ᠪᠠᠶᠢᠭᠠᠯᠢ ᠲᠠᠢ ᠡᠶᠠᠯᠳᠤᠨ ᠵᠤᠬᠢᠴᠠᠯᠳᠤᠬᠤ ᠴᠢᠨᠡᠷ ᠎ ᠠᠴᠠ ᠪᠤᠯᠵᠤ ᠨᠡᠬᠦᠳᠠᠯ ᠮᠠᠯᠵᠢᠬᠤ ᠠᠵᠤ ᠠᠬᠤᠢ ᠨᠢ ᠤᠳᠤ ᠪᠤᠯᠳᠠᠯ᠎ᠠ ᠬᠠᠳᠠᠭᠠᠯᠭᠳᠠᠭᠰᠠᠨ ᠶᠤᠮ᠃            ᠤᠳᠤᠬᠢ ᠪᠦᠮᠪᠤᠷᠴᠡᠭ ᠤᠨ ᠠᠵᠤ ᠠᠬᠤᠢ ᠶᠢᠨ ᠨᠢᠬᠡᠨ ᠴᠤᠭᠴᠠᠵᠢᠬᠤ ᠶᠠᠪᠤᠴᠠ ᠳᠤ ᠬᠦᠮᠦᠨ ᠲᠦᠷᠦᠯᠬᠢᠳᠠᠨ ᠤ ᠠᠤᠭ᠎ᠠ ᠶᠡᠭᠡ ᠪᠤᠳᠠᠰ ᠤᠨ ᠪᠠ ᠮᠡᠷᠬᠡᠵᠢᠯ ᠤᠨ ᠤᠳᠤᠬᠢᠴᠢᠯᠠᠯᠳᠠ ᠪᠤᠯᠤᠨ ᠨᠡᠶᠢᠬᠡᠮ ᠤᠨ ᠲᠠᠪᠰᠢᠯᠳᠠ ᠬᠡᠭᠳᠡᠳᠡᠭ ᠨᠢ ᠪᠦᠷ ᠴᠤ ᠨᠦᠬᠦᠪᠤᠷᠢᠯᠠᠬᠦ ᠶᠢᠨ ᠠᠷᠭ᠎ᠠ ᠦᠬᠡᠢ ᠠᠮᠢ ᠠᠬᠤᠢ ᠶᠢᠨ ᠬᠦᠠᠳᠤ ᠨᠤᠴᠢᠳᠠᠢ ᠡᠪᠳᠡᠯᠬᠡ ᠰᠦᠢᠳᠤᠯᠬᠡ ᠪᠠᠷ ᠰᠤᠯᠢᠵᠤ ᠠᠪᠴᠢᠷᠠᠭᠰᠠᠨ ᠬᠡᠳᠡᠭ ᠢ ᠬᠦᠮᠦᠰ ᠤᠯᠠᠮ ᠢᠶᠠᠷ ᠲᠠᠨᠢᠵᠤ ᠤᠯᠤᠭᠰᠠᠨ ᠶᠤᠮ᠃ ᠬᠦᠮᠦᠰ ᠤᠨ ᠠᠮᠢ ᠠᠬᠤᠢ ᠎ ᠶᠢᠨ ᠲᠤᠬᠠᠢ ᠲᠠᠨᠢᠯᠳᠠ ᠶᠢᠨ ᠲᠠᠬᠡᠭᠰᠢᠯᠡᠬᠦ ᠶᠢ ᠲᠠᠭᠠᠯᠳᠤᠨ᠂ ᠮᠡᠷᠬᠡᠵᠢᠯ ᠤᠨ ᠲᠠᠪᠰᠢᠯᠳᠠ ᠪᠠ ᠪᠤᠯᠪᠠᠰᠤᠨ ᠤ ᠦᠷ᠎ᠠ ᠪᠦᠳᠦᠮᠵᠢ ᠶᠢ  ᠰᠢᠬᠦᠨ ᠬᠢᠨᠠᠬᠤ ᠶᠠᠪᠤᠴᠠ ᠳᠤ ᠨᠡᠬᠦᠳᠠᠯ ᠮᠠᠯᠵᠢᠯ ᠪᠤᠯᠪᠠᠰᠤᠨ ᠪᠠ ᠤᠳᠤᠬᠢ ᠬᠦᠮᠦᠨ ᠲᠦᠷᠦᠯᠬᠢᠳᠠᠨ ᠎ ᠤ ᠠᠵᠤ ᠠᠬᠤᠢ ᠶᠢᠨ ᠲᠤᠭᠳᠠᠪᠤᠷᠢᠳᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠲᠦᠯᠦᠪᠯᠡᠭᠡ ᠰᠡᠤᠨᠬᠢᠮᠵᠢ ᠠᠶᠠᠠᠳᠠᠭᠠᠨ ᠨᠠᠶᠢᠯᠠᠵᠤ᠂ ᠦᠩᠬᠡᠷᠡᠭᠰᠡᠨ ᠳᠤ ᠠᠩᠬᠠᠷᠤᠯ ᠳᠤ ᠦᠷᠳᠦᠳᠡᠭ ᠦᠬᠡᠢ ᠨᠠᠬᠦᠳᠠᠯᠯᠠᠨ ᠮᠠᠯᠵᠢᠬᠴᠢ ᠪᠤᠯᠤᠨ ᠮᠠᠯ ᠰᠦᠷᠦᠭ ᠤᠨ ᠬᠠᠷᠢᠴᠠᠭᠠᠨ ᠳᠤ ᠬᠠᠷᠢᠨ ᠤᠳᠤᠬᠢ ᠲᠠᠯᠠᠬᠡᠢ ᠶᠢᠨ ᠬᠠᠮᠤᠭ ᠲᠠᠪᠰᠢᠭᠰᠠᠨ ᠰᠢᠠᠵᠢᠯᠠᠬᠦ ᠤᠬᠠᠭᠠᠠᠴᠢ ᠪᠤᠯᠪᠠᠰᠤᠨ ᠦᠵᠡᠯ ᠰᠠᠨᠠᠭ᠎ᠠ  ᠪᠠ ᠦᠷ᠎ᠠ ᠪᠦᠳᠦᠬᠡᠯ ᠠᠭᠤᠯᠠᠭᠳᠠᠵᠤ ᠪᠠᠶᠢᠭ᠎ᠠ ᠶᠢ ᠢᠯᠡᠷᠡᠬᠦᠯᠦᠭᠰᠡᠨ ᠨᠢ ᠭᠠᠶᠢᠬᠠᠯᠳᠠᠢ᠃              ᠨᠠᠬᠦᠳᠠᠯᠴᠢᠨ ᠦᠠᠳᠦᠰᠦᠳᠠᠨ ᠤ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠨᠢ ᠲᠠᠯ᠎ᠠ ᠨᠤᠳᠤᠭ ᠢ ᠬᠠᠮᠠᠭᠠᠯᠠᠬᠤ᠂ ᠤᠢ ᠰᠢᠭᠤᠢ᠂ ᠤᠰᠤᠨ ᠤ ᠡᠬᠢ ᠰᠤᠷᠪᠤᠯᠵᠢ᠂ ᠬᠡᠬᠡᠷ᠎ᠠ ᠶᠢᠨ ᠠᠮᠢᠳᠠᠨ ᠠᠷᠢᠶᠠᠳᠠᠨ ᠢ ᠬᠠᠮᠠᠭᠠᠯᠠᠬᠤ᠂ ᠮᠠᠯ ᠰᠦᠷᠦᠭ ᠢᠶᠠᠨ ᠬᠠᠮᠠᠭᠠᠯᠠᠬᠤ ᠤᠬᠢ ᠰᠢᠯᠢᠳᠡᠭ ᠰᠤᠶᠤᠯ ᠤᠨ ᠤᠳᠤᠮᠰᠢᠯ ᠪᠠ ᠠᠮᠢ ᠠᠬᠤᠢ ᠶᠢᠨ ᠵᠠᠩᠰᠢᠯ ᠵᠡᠷᠬᠡ ᠲᠠᠯ᠎ᠠ ᠳᠤ ᠢᠯᠠᠷᠠᠵᠤ ᠪᠠᠶᠢᠳᠠᠭ᠃ ᠲᠠᠯ᠎ᠠ ᠨᠤᠳᠤᠭ ᠪᠤᠯ ᠮᠠᠯᠴᠢᠤᠨ ᠤᠨ ᠤᠷᠤᠰᠢᠨ ᠲᠤᠭᠳᠠᠨᠢᠬᠤ ᠦᠠᠳᠦᠰᠤᠨ ᠰᠠᠭᠤᠷᠢ ᠪᠤᠯᠬᠤᠷ ᠲᠠᠯ᠎ᠠ ᠨᠤᠳᠤᠭ ᠤᠨ ᠬᠠᠮᠠᠭᠠᠯᠠᠯᠳᠠ ᠪᠠ ᠵᠤᠬᠢᠰᠳᠠᠢ ᠠᠰᠢᠭᠯᠠᠬᠤ ᠶᠢ ᠲᠤᠩ ᠴᠢᠬᠤᠯᠠᠴᠢᠯᠠᠵᠤ ᠦᠵᠡᠳᠡᠭ᠃ ᠮᠠᠯᠵᠢᠬᠤ ᠦᠢᠯᠠᠤᠨᠪᠦᠷᠢᠯᠠᠯ ᠤᠨ ᠲᠤᠮᠳᠠ ᠲᠠᠯ᠎ᠠ ᠨᠤᠳᠤᠭ ᠢ ᠡᠪᠳᠡᠬᠦ ᠠᠵᠢᠯᠯᠠᠭ᠎ᠠ᠂ ᠲᠠᠯ᠎ᠠ ᠨᠤᠳᠤᠭ ᠢ ᠡᠪᠳᠡᠨ ᠬᠠᠤᠯᠢ ᠲᠠᠷᠰᠯᠠᠵᠤ ᠶᠠᠯ᠎ᠠ ᠬᠢᠬᠦ ᠠᠵᠢᠯᠯᠠᠭ᠎ᠠ ᠶᠢ ᠮᠠᠯᠴᠢᠤᠨ ᠬᠦᠢᠴᠠᠤᠨ ᠦᠢᠯᠠᠭᠠᠳᠠᠭ᠃ ᠲᠠᠯ᠎ᠠ ᠨᠤᠳᠤᠭ ᠎ ᠢᠶᠠᠨ ᠬᠠᠮᠠᠭᠠᠯᠠᠬᠤ ᠶᠢᠨ ᠲᠦᠯᠦᠬᠡ ᠮᠠᠯᠴᠢᠤᠨ ᠪᠠᠶᠢᠭᠠᠯᠢ ᠶᠢ ᠡᠪᠳᠡᠭᠰᠡᠨ ᠠᠵᠢᠯᠯᠠᠭ᠎ᠠ ᠶᠢ ᠶᠠᠯᠠᠳᠠᠨ ᠰᠢᠤᠨᠬᠡᠬᠦ ᠠᠷᠭ᠎ᠠ ᠠᠪᠴᠠᠯ ᠲᠠᠢ ᠪᠦᠬᠡᠤᠨ ᠪᠠᠶᠢᠭᠠᠯᠢ ᠤᠷᠴᠢᠨ ᠢᠶᠠᠨ ᠬᠠᠮᠠᠭᠠᠯᠠᠭᠰᠠᠨ ᠠᠵᠢᠯᠯᠠᠭ᠎ᠠ ᠶᠢ ᠱᠠᠩᠨᠠᠵᠤ ᠬᠦᠬᠢᠬᠦᠯᠬᠦ ᠲᠤᠭᠳᠠᠴᠠ ᠎ ᠲᠠᠢ ᠪᠠᠶᠢᠳᠠᠭ᠃ ᠡᠨᠡ ᠨᠢ ᠨᠡᠬᠦᠳᠠᠯᠴᠢᠨ ᠦᠠᠳᠦᠰᠦᠳᠠᠨ ᠤ ᠪᠠᠶᠢᠭᠠᠯᠢ ᠶᠢ ᠬᠠᠮᠠᠭᠠᠯᠠᠬᠤ ᠰᠢᠯᠢᠳᠡᠭ ᠤᠳᠤᠮᠰᠢᠯ ᠪᠠ ᠦᠷᠳᠡᠭ ᠤᠨ ᠰᠢᠰᠲ᠋ᠧᠮ ᠢ ᠪᠦᠷᠢᠯᠳᠦᠬᠦᠯᠵᠤ᠂ ᠤᠳᠤᠬᠢ ᠪᠠᠶᠢᠭᠠᠯᠢ ᠶᠢᠨ ᠡᠬᠢ ᠪᠠᠶᠠᠯᠢᠭ ᠢ ᠬᠡᠷᠬᠢᠨ ᠵᠤᠬᠢᠰᠳᠠᠢ ᠪᠠᠷ ᠨᠡᠬᠡᠬᠡᠨ ᠠᠰᠢᠭᠯᠠᠵᠤ᠂ ᠨᠡᠶᠢᠬᠡᠮ ᠤᠨ ᠠᠵᠤ ᠠᠬᠤᠢ᠂ ᠰᠤᠶᠤᠯ᠂ ᠬᠦᠮᠦᠨ ᠠᠮᠨ᠂ ᠡᠬᠢ ᠪᠠᠶᠠᠯᠢᠭ ᠤᠨ ᠲᠤᠭᠳᠠᠪᠤᠷᠢᠳᠤ ᠬᠦᠭᠵᠢᠯᠳᠠ ᠶᠢ ᠪᠠᠳᠤᠯᠠᠬᠤ ᠳᠤ ᠲᠤᠯᠢᠯᠠᠵᠤ ᠪᠤᠯᠬᠤ ᠴᠢᠬᠤᠯᠨ ᠠᠴᠢ ᠬᠤᠯᠪᠤᠭᠳᠠᠯ ᠪᠤᠯᠤᠨ ᠬᠡᠷᠡᠭᠯᠡᠬᠡᠨ ᠤ ᠦᠷᠳᠡᠭ ᠲᠠᠢ ᠶᠤᠮ᠃     
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2