ᠥᠪᠥᠷ ᠮᠣᠩᠭᠤᠯ 10 ᠵᠤᠷᠪᠤᠰ ᠠᠷᠭ᠎ᠠ ᠬᠡᠮᠵᠢᠶ᠎ᠡ ᠨᠡᠶᠢᠲᠡᠯᠡᠵᠦ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2023/3/2
  ᠣᠶᠢᠷ᠎ᠠ ᠶᠢᠨ ᠵᠢᠯ᠂ ᠥᠪᠥᠷ ᠮᠣᠩᠭᠤᠯ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠴᠢᠬᠤᠯᠠ ᠠᠭᠤᠯᠭ᠎ᠠ ᠳᠤ ᠣᠷᠣᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ ᠴᠢᠬᠤᠯᠠ ᠵᠦᠢᠯ ᠪᠣᠯᠭᠠᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠣᠶᠢᠷ᠎ᠠ ᠳᠤ᠂ ᠣᠳᠣᠬᠠᠨ ᠤ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ‌‍ᠬᠥ᠋ᠮᠦᠵᠢᠯ ᠤᠨ ᠲᠢᠩᠬᠢᠮ 10 ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠲᠣᠳᠣᠷᠬᠠᠶᠢᠯᠠᠨ ᠴᠢᠩᠭᠠᠳᠬᠠᠪᠠ᠃      ᠨᠢᠭᠡ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠲᠠᠰ ᠬᠤᠪᠢᠶᠠᠭᠰᠠᠨ ᠠᠵᠢᠯ ᠤᠨ ᠲᠣᠭᠲᠠᠴᠠ ᠶᠢ ᠪᠠᠶᠢᠭᠤᠯᠪᠠ᠃ ᠡᠯ᠎ᠡ ᠭᠠᠵᠠᠷ ᠡᠯ᠎ᠡ ᠠᠶᠢᠮᠠᠭ ᠬᠤᠲᠠ ᠰᠡᠳᠬᠢᠴᠡ ᠶᠢ ᠬᠠᠪᠰᠤᠷᠤᠨ ᠵᠢᠯᠣᠭᠤᠳᠬᠤ ᠥᠷᠲᠡᠭᠡ ᠪᠠᠶᠢᠭᠤᠯᠤᠨ᠂ ᠬᠤᠰᠢᠭᠤ ᠰᠢᠶᠠᠨ ︵ᠬᠤᠲᠠ᠂ ᠲᠣᠭᠤᠷᠢᠭ︶ ᠰᠡᠳᠬᠢᠴᠡ ᠶᠢ ᠬᠠᠪᠰᠤᠷᠤᠨ ᠵᠢᠯᠣᠭᠤᠳᠬᠤ ᠲᠥᠪ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠳᠤ ᠰᠡᠳᠬᠢᠴᠡ ᠶᠢᠨ ᠬᠥᠮᠦᠵᠢᠯ ᠪᠣᠯᠤᠨ ᠵᠥᠪᠯᠡᠯᠭᠡ ᠥᠭᠬᠦ ᠡᠭᠦᠷᠭᠡ ᠴᠢᠳᠠᠮᠵᠢᠲᠤ ᠪᠠᠶᠢᠭᠤᠯᠤᠮᠵᠢ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠲᠥᠯᠥᠪᠯᠡᠬᠦ᠂ ᠠᠶᠢᠮᠠᠭ ᠬᠤᠲᠠ ᠶᠢᠨ ᠰᠡᠳᠬᠢᠴᠡ ᠶᠢ ᠬᠠᠪᠰᠤᠷᠤᠨ ᠵᠢᠯᠣᠭᠤᠳᠬᠤ ᠥᠷᠲᠡᠭᠡ ᠲᠦᠷᠦᠭᠦᠯᠡᠨ ᠬᠢᠬᠦ᠂ ᠬᠤᠰᠢᠭᠤ ᠰᠢᠶᠠᠨ ᠤ ᠰᠡᠳᠬᠢᠴᠡ ᠶᠢ ᠬᠠᠪᠰᠤᠷᠤᠨ ᠵᠢᠯᠣᠭᠤᠳᠬᠤ ᠲᠥᠪ ᠠᠴᠠ ᠵᠢᠯᠣᠭᠤᠳᠬᠤ᠂ ᠰᠤᠷᠭᠠᠭᠤᠯᠢ ᠶᠢᠨ ᠰᠡᠳᠬᠢᠴᠡ ᠶᠢᠨ ᠰᠠᠯᠠᠭ᠎ᠠ ᠮᠥᠴᠢᠷ ᠤᠨ ᠬᠢᠨ ᠬᠡᠷᠡᠭᠵᠢᠭᠦᠯᠬᠦ᠂ ᠠᠩᠭᠢ ᠪᠠ ᠪᠠᠶᠢᠷᠢ ᠶᠢᠨ ᠵᠠᠩᠭᠢᠴᠢᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠱᠠᠲᠤ ᠬᠤᠪᠢᠶᠠᠨ ᠠᠵᠢᠯᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃       ᠬᠤᠶᠠᠷ ᠲᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠭᠵᠢᠯᠲᠡ ᠶᠢ ᠵᠢᠯᠣᠭᠤᠳᠬᠤ ᠲᠥᠪ ᠢ ᠵᠢᠷᠤᠮᠵᠢᠭᠤᠯᠤᠨ ᠪᠠᠶᠢᠭᠤᠯᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠡᠰ ᠤᠨ ᠰᠡᠳᠬᠢᠴᠡ ᠶᠢᠨ ᠬᠥᠮᠦᠵᠢᠯ ᠪᠣᠯᠤᠨ ᠵᠥᠪᠯᠡᠯᠭᠡ ᠥᠭᠬᠦ ᠪᠠᠶᠢᠭᠤᠯᠤᠮᠵᠢ ᠠᠴᠠ ︽ᠰᠤᠷᠤᠭᠴᠢᠳ ᠤᠨ ᠬᠥᠭᠵᠢᠯᠲᠡ ᠶᠢᠨ ᠵᠢᠯᠣᠭᠤᠳᠬᠤ ᠲᠥᠪ︾᠎ ᠢ ᠲᠣᠳᠣᠷᠬᠠᠢ ᠲᠣᠭᠲᠠᠭᠠᠬᠤ ᠶᠢᠨ ᠬᠠᠮᠲᠤ ᠱᠠᠭᠠᠷᠳᠠᠯᠭ᠎ᠠ ᠶᠣᠰᠤ ᠪᠠᠷ ᠰᠡᠳᠬᠢᠴᠡ ᠶᠢᠨ ᠬᠥᠮᠦᠵᠢᠯ ᠪᠣᠯᠤᠨ ᠵᠥᠪᠯᠡᠯᠭᠡ ᠥᠭᠬᠦ ᠵᠡᠷᠭᠡ ᠠᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠪᠡ᠃     ᠭᠤᠷᠪᠠ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠤᠨ ᠴᠠᠭ ᠢ ᠤᠯᠠᠮ ᠨᠢᠭᠡ ᠠᠯᠬᠤᠮ ᠲᠣᠳᠤᠷᠬᠠᠶᠢᠯᠠᠪᠠ᠃ ᠡᠯ᠎ᠡ ᠭᠠᠵᠠᠷ ᠤᠨ ᠡᠯ᠎ᠡ ᠰᠤᠷᠭᠠᠭᠤᠯᠢ ︽ᠬᠤᠤᠰ ᠭᠠᠷᠠᠭ ᠲᠤ 1 ᠬᠢᠴᠢᠶᠡᠯ ᠤᠨ ᠴᠠᠭ︾ ᠎ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ᠂ ᠠᠩᠭᠢ ᠪᠠ ᠪᠦᠯᠬᠦᠮ ᠤᠨ ᠠᠵᠢᠯᠯᠠᠭ᠎ᠠ᠂ ᠣᠷᠣᠨ ᠨᠤᠲᠤᠭ ᠪᠠ ᠰᠤᠷᠭᠠᠭᠤᠯᠢ ᠶᠢᠨ ᠬᠢᠴᠢᠶᠡᠯ᠂ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭᠠᠨ ᠤ ᠬᠢᠴᠢᠶᠡᠯ ᠳᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠤᠨ ᠲᠤᠰᠬᠠᠶ ᠬᠢᠴᠢᠶᠡᠯ ᠤᠨ ᠴᠠᠭ ᠢ ᠨᠠᠶᠢᠳᠠᠪᠤᠷᠢᠵᠢᠭᠤᠯᠬᠤ ᠬᠡᠷᠡᠭᠲᠡᠶ᠃ ᠠᠳᠠᠭ ᠲᠤ ᠪᠠᠨ 1 ᠲᠥᠷᠥᠯ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠢ ᠢᠳᠡᠪᠬᠢᠲᠡᠶ ᠨᠡᠭᠡᠭᠡᠨ ᠬᠥᠭᠵᠢᠭᠦᠯᠵᠦ᠂ ᠠᠳᠠᠭ ᠲᠤ ᠪᠠᠨ 1 ᠵᠦᠢᠯ ᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠵᠢᠯᠣᠭᠤᠳᠤᠭᠰᠠᠨ ᠰᠤᠷᠤᠭᠴᠢᠳ ᠤᠨ ᠨᠡᠶᠢᠭᠡᠮᠯᠢᠭ ᠢ ᠵᠣᠬᠢᠶᠠᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃       ᠳᠥᠷᠪᠡ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠦᠨ ᠴᠢᠩᠭᠠᠳᠬᠠᠪᠠ᠃ ᠡᠯ᠎ᠡ ᠠᠶᠢᠮᠠᠭ ᠬᠤᠲᠠ ᠶᠢᠨ ᠰᠡᠳᠬᠢᠴᠡ ᠶᠢ ᠬᠠᠪᠰᠤᠷᠤᠨ ᠵᠢᠯᠣᠭᠤᠳᠬᠤ ᠥᠷᠲᠡᠭᠡ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠰᠡᠳᠬᠢᠴᠡ ᠶᠢ ᠬᠠᠪᠰᠤᠷᠤᠨ ᠵᠢᠯᠣᠭᠤᠳᠬᠤ ᠲᠥᠪ ᠲᠤ ᠠᠳᠠᠭ ᠲᠤ ᠪᠠᠨ 1 ᠲᠤᠰᠬᠠᠶ ᠰᠡᠳᠬᠢᠴᠡ ᠶᠢᠨ ᠵᠢᠭᠠᠬᠤ ᠶᠢ ᠰᠤᠳᠤᠯᠤᠭᠴᠢ ᠶᠢ ᠳᠣᠭᠢᠷᠠᠭᠤᠯᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠠᠳᠠᠭ ᠲᠤ ᠪᠠᠨ 1 ᠲᠤᠰᠬᠠᠶ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠶᠢ ᠲᠣᠬᠢᠷᠠᠭᠤᠯᠤᠨ᠂ ᠬᠡᠪᠴᠢᠶ᠎ᠡ ᠪᠠᠷ ᠨᠡᠯᠢᠶᠡᠳ ᠶᠡᠭᠡ ᠰᠤᠷᠭᠠᠭᠤᠯᠢ ᠳᠤ ᠪᠠᠭᠰᠢ ᠰᠣᠷᠣᠭᠴᠢ 1᠄ 1000᠎ ᠶᠢᠨ ᠬᠠᠷᠢᠴᠠᠯ ᠢᠶᠠᠷ ᠲᠤᠰᠬᠠᠶ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠶᠢ ᠳᠣᠭᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃       ᠲᠠᠪᠤ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠰᠠᠶᠢᠲᠤᠷ ᠬᠢᠪᠡ ᠃ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠶᠢᠨ ᠪᠣᠯᠪᠠᠰᠤᠷᠠᠭᠤᠯᠤᠯ ᠢ ᠪᠠᠭᠰᠢ ᠶᠢᠨ ᠪᠣᠯᠪᠠᠰᠤᠷᠠᠭᠤᠯᠤᠯ ᠤᠨ ᠪᠦᠬᠦᠯᠢ ᠴᠣᠭᠴᠠ ᠶᠢᠨ ᠲᠥᠯᠥᠪᠯᠡᠭᠡ ᠳᠤ ᠣᠷᠣᠭᠤᠯᠤᠨ ᠲᠠᠰ ᠪᠠ ᠲᠥᠷᠥᠯ ᠬᠤᠪᠢᠶᠠᠨ ᠪᠣᠯᠪᠠᠰᠤᠷᠠᠭᠤᠯᠬᠤ ᠶᠢ ᠬᠡᠷᠡᠭᠵᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠶᠢᠨ ︽ᠭᠤᠷᠪᠠᠨ ᠵᠢᠯ ᠳᠤ ᠨᠢᠭᠡ ᠦᠶᠡᠯᠡᠯ︾᠎ ᠢᠶᠠᠷ ᠪᠥᠬᠦ ᠠᠵᠢᠯᠲᠠᠨ ᠢ ᠡᠭᠡᠯᠵᠢᠯᠡᠨ ᠪᠣᠯᠪᠠᠰᠤᠷᠠᠭᠤᠯᠬᠤ ᠲᠦᠷᠢᠮ ᠢ ᠪᠠᠶᠢᠭᠤᠯᠬᠤ ᠬᠡᠷᠡᠭᠲᠡᠶ᠃ ᠪᠥᠬᠦ ᠣᠷᠣᠨ ᠤ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠰᠦᠯᠵᠢᠶᠡᠨ ᠳᠠᠬᠢ ︽ᠰᠡᠳᠬᠢᠯ ᠢ ᠳᠤᠯᠠᠭᠠᠴᠠᠭᠤᠯᠬᠤ ᠶᠠᠷᠢᠶᠠᠨ ᠤ ᠳᠠᠪᠴᠠᠩ︾᠎ ᠢ ᠰᠠᠶᠢᠲᠤᠷ ᠬᠡᠷᠡᠭᠯᠡᠬᠦ ᠬᠡᠷᠡᠭᠲᠡᠢ ᠭᠡᠵᠢ ᠱᠠᠭᠠᠷᠳᠠᠪᠠ᠃      ᠵᠢᠷᠭᠤᠭ᠎ᠠ ᠳᠤ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠬᠢᠮᠤᠷᠠᠯ ᠢ ᠰᠡᠷᠭᠡᠶᠢᠯᠡᠬᠦ ᠪᠠ ᠬᠠᠮᠢᠶᠠᠷᠤᠨ ᠲᠠᠨᠢᠯᠴᠠᠭᠤᠯᠬᠤ ᠲᠦᠷᠢᠮ ᠢ ᠲᠡᠭᠦᠯᠳᠡᠷᠵᠢᠭᠦᠯᠪᠡ᠃ ᠰᠤᠷᠭᠠᠭᠤᠯᠢ ᠶᠢ ᠰᠡᠳᠬᠢᠴᠡ ᠶᠢᠨ ᠬᠢᠮᠤᠷᠠᠯ ᠢ ᠰᠡᠷᠭᠡᠶᠢᠯᠡᠬᠦ᠂ ᠬᠠᠮᠢᠶᠠᠷᠬᠤ ᠪᠠ ᠰᠢᠯᠵᠢᠭᠦᠯᠦᠨ ᠲᠠᠨᠢᠯᠴᠠᠭᠤᠯᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠵᠢᠯ ᠪᠦᠷᠢ ᠨᠢᠭᠡ ᠤᠳᠠᠭ᠎ᠠ ᠪᠦᠬᠦᠨ ᠢ ᠬᠠᠮᠤᠷᠤᠭᠰᠠᠨ ᠰᠡᠳᠬᠢᠴᠡ ᠶᠢᠨ ᠡᠷᠡᠭᠦᠯ ᠮᠡᠨᠳᠦ ᠶᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠰᠤᠷᠭᠠᠭᠤᠯᠢ ᠪᠣᠯᠤᠨ ᠲᠤᠰᠬᠠᠶ ᠡᠮᠴᠢᠯᠡᠭᠡᠨ ᠤ ᠪᠠᠶᠢᠭᠤᠯᠤᠮᠵᠢ ᠶᠢᠨ ᠬᠠᠮᠵᠢᠯᠴᠠᠭ᠎ᠠ ᠶᠢ ᠴᠢᠩᠭᠠᠳᠬᠠᠵᠤ᠂ ︽ᠰᠠᠭᠠᠳ ᠥᠬᠡᠶ ᠨᠡᠪᠲᠡᠷᠡᠬᠦ ᠵᠠᠮ︾᠎ ᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃       ᠲᠤᠯᠤᠭ᠎ᠠ ᠳᠤ᠂ ᠳᠡᠭᠡᠳᠦ ᠰᠤᠷᠭᠠᠭᠤᠯᠢ ᠠᠴᠠ ᠳᠤᠮᠳᠠᠳᠤ ᠪᠠᠭ᠎ᠠ ᠰᠤᠷᠭᠠᠭᠤᠯᠢ ᠶᠢ ᠠᠵᠢᠯ ᠲᠦᠷᠦᠯ ᠢᠶᠠᠷ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠪᠡ᠃ ᠤᠶᠤᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ 15 ᠳᠠᠭᠤᠷᠢᠶᠠᠯ ᠦᠵᠡᠭᠦᠯᠬᠦ ᠲᠥᠪ ᠲᠤ ᠲᠦᠰᠢᠭᠯᠡᠨ 12 ᠠᠶᠢᠮᠠᠭ ᠬᠤᠲᠠ ᠪᠠ 2 ᠳᠤᠰᠠᠭᠠᠷ ᠲᠥᠯᠦᠪᠯᠡᠭᠡᠲᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢ ᠠᠵᠢᠯ ᠲᠥᠷᠥᠯ ᠢᠶᠠᠷ ᠲᠤᠰᠠᠯᠠᠵᠤ᠂ ᠪᠠᠭᠰᠢ ᠶᠢᠨ ᠡᠩᠨᠡᠭᠡᠨ ᠤ ᠪᠣᠯᠪᠠᠰᠤᠷᠠᠭᠤᠯᠤᠯ᠂ ᠲᠥᠬᠦᠭᠡᠷᠦᠮᠵᠢ ᠶᠢᠨ ᠡᠬᠢ ᠪᠠᠶᠠᠯᠢᠭ ᠤᠨ ᠪᠠᠶᠢᠭᠤᠯᠤᠯᠲᠠ᠂ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯᠯᠠᠭ᠎ᠠ ᠵᠡᠷᠭᠡ ᠲᠠᠯ᠎ᠠ ᠪᠠᠷ ᠬᠢ ᠡᠬᠢ ᠪᠠᠶᠠᠯᠢᠭ ᠢ ᠬᠠᠷᠢᠯᠴᠠᠨ ᠨᠡᠪᠲᠡᠷᠡᠭᠦᠯᠬᠦ᠂ ᠬᠠᠮᠲᠤᠷᠠᠨ ᠬᠤᠪᠢᠶᠠᠯᠴᠠᠨ ᠡᠳ᠋ᠯᠡᠬᠦ ᠶᠢ ᠪᠡᠶᠡᠯᠡᠭᠦᠯᠪᠡ᠃      ᠨᠠᠢᠮᠠ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠣᠨᠴᠠᠯᠢᠭᠲᠤ ᠰᠤᠷᠭᠠᠭᠤᠯᠢ ᠪᠠ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠬᠤ ᠠᠵᠢᠯᠯᠠᠭ᠎ᠠ ᠥᠷᠨᠢᠭᠦᠯᠪᠡ᠃ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠣᠨᠴᠠᠯᠢᠭᠲᠤ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠪᠡ᠃ ᠳᠤᠮᠳᠠᠳᠤ ᠪᠠᠭ᠎ᠠ ᠰᠤᠷᠭᠠᠭᠤᠯᠢ ᠳᠤ ᠬᠠᠨᠳᠤᠭᠤᠯᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ︽ᠨᠠᠷᠠᠲᠤ ᠪᠠᠭᠰᠢ ᠶᠢᠨ ᠠᠵᠢᠯᠯᠠᠬᠤ ᠲᠠᠰᠤᠭ︾᠎ ᠢ ᠪᠠᠶᠢᠭᠤᠯᠬᠤ ᠠᠵᠢᠯᠯᠠᠭ᠎ᠠ ᠥᠷᠨᠢᠭᠦᠯᠪᠡ᠃      ᠶᠢᠰᠦ ᠳᠤ᠂ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠭᠠᠨ ᠤ ᠠᠵᠢᠯ ᠤᠨ ᠲᠣᠭᠲᠠᠴᠠ ᠶᠢ ᠢᠳᠡᠪᠬᠢᠲᠡᠢ ᠪᠠᠶᠢᠭᠤᠯᠪᠠ᠃ ᠰᠤᠷᠭᠠᠭᠤᠯᠢ ᠠᠴᠠ ᠬᠡᠷ ᠤᠨ ᠰᠤᠷᠪᠤᠯᠵᠢᠯᠠᠭ᠎ᠠ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠷ ᠤᠨ ᠠᠬᠠᠮᠠᠳ ᠤᠨ ᠰᠤᠷᠭᠠᠭᠤᠯᠢ ᠶᠢ ᠡᠷᠭᠢᠯᠡᠨ᠂ ᠰᠤᠷᠤᠯᠭ᠎ᠠ ᠶᠢᠨ ᠬᠤᠭᠤᠴᠠᠭ᠎ᠠ ᠪᠦᠷᠢ ᠬᠡᠷ ᠤᠨ ᠠᠬᠠᠮᠠᠳ ᠲᠤ ᠠᠳᠠᠭ ᠳᠤ ᠪᠠᠨ 1 ᠤᠳᠠᠭ᠎ᠠ ᠲᠤᠰᠬᠠᠶ ᠰᠡᠳᠦᠪᠲᠦ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠢ ᠥᠷᠨᠢᠭᠦᠯᠬᠦ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠶᠤᠨ ᠤ ᠪᠣᠯᠪᠠᠰᠤᠨ ᠤ ᠠᠯᠪᠠᠨ ᠬᠡᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠪᠯᠡᠯ ᠤᠨ ᠬᠤᠷᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠶ ᠮᠡᠷᠭᠡᠵᠢᠯᠲᠡᠨ ᠤ ᠵᠢᠯᠣᠭᠤᠳᠬᠤ ᠪᠦᠯᠬᠦᠮ᠂ ᠰᠡᠳᠬᠢᠴᠡ ᠶᠢᠨ ᠬᠢᠮᠤᠷᠠᠯ ᠢ ᠬᠠᠮᠢᠶᠠᠷᠤᠨ ᠰᠡᠷᠭᠡᠶᠢᠯᠡᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠢᠴᠢ ᠨᠡᠶᠢᠭᠡᠮ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠠᠵᠢᠯ ᠢᠶᠠᠨ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃       ᠠᠷᠪᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠳᠡᠮᠵᠢᠯᠭᠡ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠪᠠ᠃ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠬᠢᠨᠠᠨ ᠵᠢᠯᠣᠭᠤᠳᠴᠤ ᠦᠨᠡᠯᠡᠨ ᠵᠢᠱᠢᠬᠦ ᠳᠣᠭᠲᠠᠯᠴᠠᠭᠠᠨ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠬᠢᠨᠠᠨ ᠵᠢᠯᠣᠭᠤᠳᠴᠤ ᠰᠢᠯᠭᠠᠨ ᠬᠢᠨᠠᠬᠤ ᠬᠡᠷᠡᠭᠲᠡᠢ᠃ ᠡᠯ᠎ᠡ ᠭᠠᠵᠠᠷ ᠤᠨ ᠬᠢᠨ ᠰᠡᠳᠬᠢᠴᠡ ᠶᠢᠨ ᠡᠷᠡᠭᠦᠯ ᠮᠡᠨᠳᠦ ᠶᠢᠨ ᠲᠠᠯ᠎ᠠ ᠪᠠᠷ ᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾᠎ ᠤᠨ ᠰᠦᠯᠵᠢᠶᠡᠨ ᠤ ᠳᠣᠭᠲᠠᠯᠴᠠᠭᠠᠨ ᠤ ᠪᠠᠶᠢᠭᠤᠯᠤᠯᠲᠠ ᠳᠤ ᠣᠷᠣᠭᠤᠯᠵᠤ᠂ ᠰᠤᠷᠤᠭᠴᠢᠳ ᠤᠨ ᠡᠳᠦᠷ ᠲᠤᠲᠤᠮ ᠤᠨ ᠦᠢᠯᠡ ᠠᠵᠢᠯᠯᠠᠭᠠᠨ ᠤ ᠵᠠᠮ ᠮᠥᠷ ᠪᠠ ᠲᠤᠭ᠎ᠠ ᠪᠠᠷᠢᠮᠲᠠ ᠶᠢᠨ ᠵᠠᠳᠠᠯᠤᠯᠲᠠ ᠳᠤ ᠰᠠᠭᠤᠷᠢᠯᠠᠭᠰᠠᠨ ᠤᠷᠢᠳᠴᠢᠯᠠᠨ ᠰᠡᠷᠭᠡᠶᠢᠯᠡᠬᠦ᠂ ᠵᠢᠭᠠᠨ ᠵᠢᠯᠣᠭᠤᠳᠬᠤ᠂ ᠮᠥᠷᠳᠡᠬᠦ ᠪᠠ ᠪᠡᠶ᠎ᠡ ᠪᠠᠨ ᠳᠠᠭᠠᠭᠠᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃  ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2