ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠱᠦᠨ ᠯᠢ ᠨᠡᠷ ᠵᠢᠨᠢᠩ ᠲᠣᠭᠤᠷᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠶᠯᠡᠰ ᠤᠨ ᠦᠶᠯᠡᠴᠢᠯᠡᠭᠡᠨ ᠤ ᠲᠥᠪ ᠤᠨ ᠴᠢᠤᠸᠠᠨ ᠢᠦᠶ ᠯᠢᠩ ᠵᠠᠰᠠᠭ ᠵᠠᠬᠢᠷᠭᠠᠨ ᠤ ᠳᠠᠭᠠᠭᠠᠨ ᠬᠤᠯᠪᠣᠭᠰᠠᠨ ᠲᠣᠰᠬᠤᠨ ᠳᠤ ᠭᠦᠨᠵᠡᠭᠡᠶᠢᠷᠡᠨ ᠬᠤᠲᠠ ᠪᠠᠶᠢᠭᠤᠯᠬᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/3/2
    ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠴᠡᠪᠡᠷ ᠲᠡᠭᠰᠢ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠪᠠ ︽ᠬᠠᠮᠲᠤ ᠪᠠᠷ ᠡᠭᠦᠳᠴᠦ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 2023 ᠣᠨ ᠤ 2 ᠰᠠᠷ᠎ᠠ ᠶᠢᠨ 26᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠱᠦᠨ ᠯᠢ ᠴᠢᠤᠸᠠᠨ ᠢᠦᠶ ᠯᠢᠩ ᠲᠣᠰᠬᠤᠨ ᠳᠤ ᠭᠦᠨᠵᠡᠭᠡᠶᠢᠷᠡᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠂ ᠲᠥᠪ ᠤᠨ ᠡᠷᠬᠢᠯᠡᠭᠴᠢ ᠸᠠᠩ ᠰᠢᠤᠢ ᠳ᠋ᠦᠩ᠂ ᠳᠡᠳ᠋ ᠡᠷᠬᠢᠯᠡᠭᠴᠢ ᠭᠦᠸᠧ ᠸᠧᠶ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠵᠠᠩ ᠱᠦᠨ ᠯᠢ ᠨᠡᠷ ᠴᠢᠤᠸᠠᠨ ᠢᠦᠢ ᠯᠢᠩ ᠲᠣᠰᠬᠤᠨ ᠳᠤ ᠬᠦᠷᠴᠦ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ᠂ ᠬᠤᠳᠠ ᠪᠠᠶᠢᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠵᠢᠴᠢ ᠡᠭᠦᠳᠦᠨ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠣᠶᠢᠯᠠᠭᠠᠪᠠ᠃ ᠲᠤᠬᠠᠢ ᠶᠢᠨ ᠲᠠᠯᠠᠪᠠᠢ ᠳᠤ ᠲᠣᠰᠬᠤᠨ ᠤ ᠣᠷᠣᠨ ᠰᠠᠭᠤᠴᠠ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠨᠣᠭᠤᠭᠠᠷᠠᠭᠤᠯᠤᠯᠲᠠ ᠂ ᠲᠣᠰᠬᠤᠨ ᠤ ᠳᠣᠲᠣᠷᠠᠬᠢ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠬᠦᠭᠡᠷᠦᠮᠵᠢ᠂ ᠶᠡᠷᠦᠩᠬᠡᠶᠢᠯᠡᠨ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠳᠠᠯ ᠵᠡᠷᠭᠡ ᠶᠢ ᠪᠠᠶᠢᠴᠠᠭᠠᠨ ᠦᠵᠡᠭᠰᠡᠨ ᠪᠥᠭᠡᠳ ᠳᠠᠷᠠᠭᠠᠴᠢ ᠶᠢᠨ ᠠᠯᠬᠤᠮ ᠳᠤ ᠴᠢᠤᠸᠠᠨ ᠢᠦᠢ ᠯᠢᠩ ᠲᠣᠰᠬᠤᠨ ᠤ ᠬᠤᠳᠠ ᠶᠢ ᠪᠠᠶᠢᠭᠤᠯᠬᠤ ᠠᠵᠢᠯ ᠢ ᠬᠡᠷᠬᠢᠨ ᠥᠷᠨᠢᠭᠦᠯᠬᠦ ᠲᠤᠬᠠᠢ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠲᠠᠢ ᠭᠦᠨᠵᠡᠭᠡᠢ ᠰᠣᠯᠢᠯᠴᠠᠵᠤ᠂ ᠪᠦᠲᠦᠭᠡᠯᠴᠢ ᠴᠢᠨᠠᠷᠲᠠᠢ ᠵᠢᠯᠣᠭᠤᠳᠬᠤ ᠰᠠᠨᠠᠯ ᠳᠤᠷᠠᠳᠴᠠᠢ᠃    ᠵᠠᠩ ᠱᠦᠨ ᠯᠢ  ᠵᠢᠭᠠᠭᠰᠠᠨ ᠨᠢ᠂ ᠬᠤᠲᠠ ᠪᠠᠶᠢᠭᠤᠯᠬᠤ ᠠᠵᠢᠯ ᠪᠣᠯ ᠨᠢᠭᠡᠨ ᠣᠷᠳᠣ ᠬᠤᠭᠤᠴᠠᠭᠠᠨ ᠤ ᠴᠢᠨᠠᠷᠲᠠᠶ ᠂ ᠶᠡᠷᠦᠩᠬᠡᠶᠢᠯᠡᠭᠰᠡᠨ ᠴᠢᠨᠠᠷᠲᠠᠶ᠂ ᠰᠠᠭᠤᠷᠢ ᠴᠢᠨᠠᠷᠲᠠᠶ ᠠᠵᠢᠯ ᠮᠥᠨ᠂ ᠡᠭᠦᠨ ᠳᠤ ᠭᠤᠤᠯᠳᠠᠯᠭ᠎ᠠ ᠨᠢ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠳᠠᠭᠠᠭᠠᠨ ᠬᠤᠯᠪᠣᠭᠰᠠᠨ ᠭᠠᠴᠠᠭ᠎ᠠ ᠲᠠᠢ ᠬᠠᠮᠲᠤ ᠪᠠᠷ ᠳᠥᠯᠭᠢᠨ ᠠᠬᠢᠭᠤᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠭᠠᠴᠠᠭᠠᠨ ᠤ ᠠᠷᠠᠳ ᠤᠨ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠬᠤᠲᠠ ᠪᠠᠶᠢᠭᠤᠯᠬᠤ ᠠᠵᠢᠯ ᠤᠨ ᠠᠴᠢ ᠬᠤᠯᠪᠣᠭᠳᠠᠯ᠂ ᠪᠣᠳᠠᠲᠠᠶ ᠱᠠᠭᠠᠷᠳᠠᠯᠭ᠎ᠠ ᠪᠠ ᠰᠢᠨᠵᠢᠯᠡᠬᠦ ᠤᠬᠠᠭᠠᠨᠴᠢ ᠠᠷᠭ᠎ᠠ ᠶᠢ ᠤᠬᠠᠭᠤᠯᠬᠤ ᠬᠡᠷᠡᠭᠲᠡᠶ᠃ ᠤᠯᠠᠨ ᠲᠦᠮᠡᠨ ᠤ ᠲᠣᠰᠬᠤᠨ ᠢᠶᠠᠨ ᠬᠠᠶᠢᠷᠠᠯᠠᠬᠤ ᠭᠡᠷ ᠪᠦᠯᠢ ᠪᠠᠨ ᠬᠠᠶᠢᠷᠠᠯᠠᠬᠤ ᠣᠷᠴᠢᠨ ᠲᠣᠭᠤᠷᠢᠨ ᠢᠶᠠᠨ ᠬᠠᠶᠢᠷᠠᠯᠠᠬᠤ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠵᠠᠷᠢᠮ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠳᠠᠭᠠᠭᠠᠨ ᠬᠤᠯᠪᠣᠭᠰᠠᠨ ᠲᠣᠰᠬᠤᠨ ᠤ ᠬᠤᠳᠠ ᠶᠢ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃                       ᠣᠷᠴᠢᠭᠤᠯᠤᠭᠴᠢ᠄ ᠳ᠋ᠦᠩ ᠾᠦᠢ
 
ᠢᠷᠡᠯᠲᠡ᠄ ᠵᠢᠨᠢᠩ ᠲᠣᠭᠣᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2