ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 4 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/20
705470.jpg
      3 ᠰᠠᠷ᠎ᠠ ᠶᠢᠨ 17᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 4 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃       ᠬᠤᠷᠠᠯ ᠠᠴᠠ  ᠲᠤᠭᠤᠷᠢᠭ  ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ  ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ  ᠰᠤᠷᠤᠯᠴᠠᠪᠠ᠃       ᠬᠤᠷᠠᠯ ᠠᠴᠠ  ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ ᠂ ᠲᠡᠭᠦᠨ ᠤ ᠡᠯᠪᠡᠭ ᠪᠠᠶᠠᠯᠢᠭ ᠠᠭᠤᠯᠤᠭᠳᠠᠬᠤᠨ᠂ ᠴᠢᠬᠤᠯᠠ ᠶᠡᠭᠡ ᠠᠴᠢ ᠬᠤᠯᠪᠣᠭᠳᠠᠯ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠳᠡᠵᠦ᠂ ᠪᠣᠳᠠᠲᠠᠢ ᠳᠤ ᠰᠠᠭᠤᠷᠢᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠮᠠᠨ ᠤ  ᠲᠤᠭᠤᠷᠢᠭ ᠤᠨ  ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ  ᠭᠡᠵᠡᠢ᠃     ᠬᠤᠷᠠᠯ ᠠᠴᠠ᠂  《ᠵᠢᠨᠢᠩ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠪᠠᠶᠢᠭᠤᠯᠤᠯᠲᠠ ᠵᠢᠴᠢ ᠲᠦᠷᠢᠶᠡᠰᠦᠯᠡᠬᠦ ᠲᠥᠰᠦᠯ ︵ᠲᠦᠷ ᠬᠡᠷᠡᠭᠵᠢᠭᠦᠯᠬᠦ︶》 ︽ᠵᠢᠨᠢᠩ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠲᠦᠷ ᠬᠡᠷᠡᠭᠵᠢᠭᠦᠯᠬᠦ ︶︾ ︽ᠵᠢᠨᠢᠩ ᠲᠣᠭᠤᠷᠢᠭ ᠤᠨ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠲᠥᠰᠦᠯ︾ ︽ᠵᠢᠨᠢᠩ ᠲᠣᠭᠤᠷᠢᠭ ᠤᠨ 2023 ᠣᠨ ᠤ ᠬᠥᠳᠡᠭᠡ ᠲᠣᠰᠬᠤᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ︾ ︽ᠵᠢᠯ ᠳᠤ 4GWh ᠪᠦᠷᠢᠨ ᠸᠠᠨᠠᠳᠢ ᠰᠢᠩᠭᠡᠨ ᠤᠷᠤᠰᠬᠠᠯ ᠤᠨ ᠡᠨᠧᠷᠭᠢ ᠬᠠᠳᠠᠭᠠᠯᠠᠬᠤ ᠳ᠋ᠢᠶᠠᠨ ‍ᠤᠤᠢ ᠦᠶᠯᠡᠳᠪᠦᠷᠢᠯᠡᠬᠦ ᠲᠥᠷᠥᠯ ᠵᠦᠶᠯ ᠤᠨ ᠪᠠᠯᠠ ᠣᠷᠣᠭᠤᠯᠤᠯᠲᠠ ᠶᠢᠨ ᠬᠡᠯᠡᠯᠴᠡᠭᠡᠷ ᠤᠨ ᠪᠢᠴᠢᠭ︾ ᠵᠡᠷᠭᠡ ᠶᠢ ᠬᠢᠨᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠥᠬᠦᠶ ᠲᠥᠰᠦᠯ ᠢ ᠨᠡᠶᠢᠲᠡᠯᠡᠬᠦ ᠳᠡᠭᠡᠨ ᠡᠯ᠎ᠡ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ ᠬᠤᠷᠢᠶᠠᠵᠤ᠂ ᠨᠠᠷᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠥᠰᠦᠯ ᠤᠨ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠶ᠃ ᠡᠮᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ  ᠲᠤᠭᠤᠷᠢᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠶ᠃ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠠᠳᠬᠤᠵᠤ᠂  ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠢᠳᠡᠪᠬᠢᠲᠡᠢ ᠬᠡᠷᠡᠭᠵᠢᠭᠦᠯᠵᠦ᠂ ᠭᠡᠷ᠎ᠡ ᠲᠣᠭᠲᠠᠭᠰᠠᠨ ᠲᠦᠷᠦᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ᠂ ᠡᠷᠲᠡᠬᠡᠨ ᠪᠠᠶᠢᠭᠤᠯᠵᠤ ᠳᠠᠭᠤᠰᠬᠠᠨ ᠠᠵᠢᠯᠯᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                  ᠵᠢᠷᠤᠭ᠄ ᠴᠢᠶᠤᠤ ᠮᠢᠨ                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2