ᠵᠠᠩ ᠶᠦᠩ ᠸᠧᠨ ᠮᠠᠨ ᠤ ᠲᠤᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/20
705470.jpg
     3 ᠳ᠋ᠤᠭᠠᠷ ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠮᠠᠨ ᠤ  ᠲᠤᠭᠤᠷᠢᠭ ᠤᠨ  ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃       ᠵᠠᠩ ᠶᠦᠩ ᠸᠧᠨ ᠂ ᠨᠠᠨ ᠳ᠋ᠠ ᠭᠡᠷᠡᠯ ᠴᠠᠬᠢᠯᠭᠠᠨ ᠤ ᠪᠢᠴᠢᠯ ᠡᠯᠧᠺᠲᠷᠣᠨ᠂ ᠬᠠᠢ ᠯᠢ ᠡᠯᠧᠺᠲᠷᠣᠨ᠂ ᠶᠢᠨ ᠱᠦᠸᠧ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠴᠢ ᠹᠦ᠋ ᠷᠦᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠠᠰᠢᠭᠯᠠᠯᠲᠠ ᠳᠤ ᠤᠷᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃     ᠵᠠᠩ ᠶᠦᠩ ᠸᠧᠨ  ᠵᠢᠭᠠᠭᠰᠠᠨ ᠨᠢ᠂ ᠠᠵᠤ ᠠᠬᠤᠶᠢᠯᠠᠯᠲᠠᠳ ᠵᠠᠬ᠎ᠠ ᠳᠡᠯᠭᠡᠭᠦᠷ ᠤᠨ ᠢᠲᠡᠭᠡᠯ ᠢᠶᠠᠨ ᠪᠠᠲᠤᠳᠬᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠦᠬᠦ ᠵᠢᠯ ᠤᠨ ᠡᠵᠡᠩᠨᠡᠯᠲᠡ ᠶᠢᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠨᠡᠩ ᠶᠡᠭᠡ ᠬᠥᠭᠵᠢᠯᠲᠡ ᠶᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ᠃ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠠᠳᠬᠤᠵᠤ᠂ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ᠃ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠬᠥᠭᠵᠢᠯᠲᠡ ᠶᠢᠨ ᠢᠷᠡᠭᠡᠳᠦᠢ ᠪᠠᠷ ᠰᠠᠶᠢᠨ ᠳᠡᠭᠡᠳᠦ ᠲᠡᠰ ᠤᠨ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠤᠨ ᠨᠥᠭᠡᠴᠡ ᠬᠦᠴᠦᠨ ᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ  ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠶᠯᠡᠴᠢᠯᠡᠭᠡᠨ ᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ ᠰᠢᠶᠳᠪᠦᠷᠢᠯᠡᠵᠦ᠂ ᠠᠵᠤ ᠠᠬᠤᠶᠢᠯᠠᠯ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ ᠃      ᠺᠠᠩ ᠬᠠᠢ ᠷᠦᠢ᠂  ᠶᠤᠤ  ᠬᠠᠢ ᠮᠢᠩ᠂ ᠵᠠᠩ ᡁᠢ ᠷᠦᠩ᠂ ᠱᠢ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃               ᠵᠢᠷᠤᠭ᠄ ᠴᠢᠶᠤᠤ ᠮᠢᠨ              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2