ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠢᠦᠶ ᠬᠠᠶ ᠴᠧᠩ ᠨᠡᠷ ᠴᠢᠶᠣᠤ ᠰᠢ ᠵᠡᠭᠡᠯᠢ ᠭᠤᠳᠤᠮᠵᠢ ᠳᠤ ᠭᠦᠨᠵᠡᠭᠡᠶᠢᠷᠡᠨ ᠬᠤᠲᠠ ᠪᠠᠶᠢᠭᠤᠯᠬᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/3/20
     3 ᠰᠠᠷ᠎ᠠ ᠶᠢᠨ 16᠎ ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠢᠦᠶ ᠬᠠᠶ ᠴᠧᠩ ᠨᠡᠷ ᠪᠦᠯᠬᠦᠮ ᠳᠠᠭᠠᠭᠤᠯᠤᠨ ᠴᠢᠶᠣᠤ ᠰᠢ ᠵᠡᠭᠡᠯᠢ ᠭᠤᠳᠤᠮᠵᠢ ᠳᠤ ᠭᠦᠨᠵᠡᠭᠡᠶᠢᠷᠡᠨ ᠬᠤᠲᠠ ᠪᠠᠶᠢᠭᠤᠯᠬᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠢᠪᠠᠳᠠᠨ ᠵᠢᠯᠣᠭᠤᠳᠴᠤ᠂ ᠴᠢᠶᠣᠤ ᠰᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠰᠢᠶᠤᠤ ᠾᠦᠢ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠢᠦᠢ ᠬᠠᠢ ᠴᠧᠩ ᠨᠡᠷ ᠤᠷᠢᠳ ᠬᠤᠵᠢᠳ ᠴᠢᠶᠣᠤ ᠰᠢ ᠵᠡᠭᠡᠯᠢ ᠶᠢᠨ ᠶᠢᠨ ᠬᠠᠢ ᠶᠢᠨ ᠰᠢᠨ ᠶᠤᠸᠠᠨ ᠵᠡᠭᠦᠨ ᠲᠣᠭᠤᠷᠢᠭ᠂ ᠴᠤᠤᠶᠠᠩ ᠰᠢᠨ᠎ᠡ ᠲᠣᠰᠬᠤᠨ ᠤ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠭ ᠨᠣᠪᠰᠢ ᠶᠢ ᠣᠪᠣᠭᠠᠯᠠᠵᠤ ᠴᠡᠪᠡᠷᠯᠡᠨ ᠵᠥᠭᠡᠭᠡᠪᠦᠷᠢᠯᠡᠬᠦ᠂ ᠪᠠᠷᠢᠯᠭ᠎ᠠ ᠶᠢ ᠬᠦᠷᠢᠶᠡᠯᠡᠨ ᠬᠠᠰᠢᠭᠰᠠᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠡᠪᠳᠡᠷᠡᠵᠦ ᠰᠦᠢᠳᠦᠭᠰᠡᠨ ᠵᠡᠷᠭᠡ ᠪᠠᠶᠢᠳᠠᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠠᠢ᠃     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ︽ᠪᠥᠬᠦ ᠬᠤᠲᠠ ᠪᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠠᠷᠠᠯᠲᠠ ᠪᠠᠨ ᠲᠣᠳᠣᠷᠬᠠᠶᠢᠯᠠᠨ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠬᠤᠳᠠ ᠪᠠᠶᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠭᠦᠨᠵᠡᠭᠡᠢ ᠠᠬᠢᠭᠤᠯᠵᠤ᠂ ᠠᠵᠢᠯ ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠳᠤ ᠴᠥᠮ ᠮᠢᠨᠴᠦᠭᠦᠷᠡᠨ ᠲᠠᠶᠢᠪᠤᠰᠢᠷᠠᠵᠤ᠂ ᠬᠦᠩᠭᠡᠨ ᠬᠠᠭᠤᠮᠠᠭᠠᠢ ᠪᠠᠷ ᠬᠠᠨᠳᠤᠵᠤ ᠪᠣᠯᠬᠤ ᠦᠭᠡᠢ᠃ ᠠᠰᠠᠭᠤᠳᠠᠯ ᠢ ᠡᠮᠬᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠡᠳᠦᠷ ᠳᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠤᠢ ᠪᠣᠯᠭᠠᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠡᠷᠴᠢᠮᠲᠡᠢ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠳᠡᠭᠡᠷ᠎ᠡ ᠱᠠᠲᠤᠨ ᠠᠴᠠ ᠳᠣᠣᠷ᠎ᠠ ᠱᠠᠲᠤᠨ ᠳᠤ ᠬᠦᠷᠲᠡᠯ᠎ᠡ᠂ ᠦᠵᠡᠯ ᠰᠠᠨᠠᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠠᠭ᠎ᠠ ᠪᠠᠷ ᠶᠡᠭᠡ ᠶᠢ ᠬᠠᠷᠠᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠳᠠ ᠶᠢᠨ ᠠᠷᠠᠳ ᠲᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠵᠦ᠂ ᠪᠦᠬᠦ ᠠᠷᠠᠳ ᠤᠨ ᠣᠷᠣᠯᠴᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃ ᠴᠡᠭ ᠠᠴᠠ ᠪᠦᠬᠦ ᠲᠠᠯ᠎ᠠ ᠳᠤ ᠬᠦᠷᠴᠦ᠂ ᠠᠮᠵᠢᠯᠲᠠ ᠲᠠᠢ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠨ ᠳᠡᠯᠭᠡᠷᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠰᠠᠶᠢᠨ ᠰᠠᠶᠢᠬᠠᠨ ᠪᠠᠶᠢᠷᠢᠰᠢᠯ ᠢ ᠬᠦᠴᠦ ᠪᠠᠨ ᠬᠠᠮᠲᠤᠳᠬᠠᠨ ᠪᠠᠶᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠦᠨ ᠬᠦᠴᠦᠯᠡᠵᠦ᠂ ᠨᠠᠷᠢᠨ ᠲᠠᠯ᠎ᠠ ᠠᠴᠠ ᠪᠣᠳᠣᠯᠬᠢᠯᠠᠨ᠂ ᠪᠠᠭ᠎ᠠ ᠲᠠᠯ᠎ᠠ ᠠᠴᠠ ᠭᠠᠷᠳᠠᠵᠤ᠂ ᠨᠠᠷᠢᠨ ᠵᠦᠢᠯᠡᠰ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂  ᠳᠤᠲᠠᠭᠳᠠᠯ ᠪᠠᠭᠤᠷᠠᠢ ᠵᠦᠢᠯᠡᠰ ᠢ ᠪᠦᠬᠦ ᠲᠠᠯ᠎ᠠ ᠪᠠᠷ ᠨᠥᠬᠦᠪᠥᠷᠢᠯᠡᠵᠦ᠂ ᠬᠤᠳᠠ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃                                        ᠣᠷᠴᠢᠭᠤᠯᠤᠭᠴᠢ᠄ ᠳ᠋ᠥᠩ ᠾᠦᠢ                                  
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2