ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢ ᠰᠡᠯᠪᠢᠨ ᠵᠠᠰᠠᠬᠤ ᠠᠵᠢᠯ ᠬᠥᠭᠵᠢᠶᠡᠨ ᠲᠠᠢ ᠶᠠᠪᠤᠭᠳᠠᠵᠤ  ᠬᠤᠲᠠ ᠶᠢᠨ ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠴᠦ ᠪᠠᠶᠢᠨ᠎ᠠ
ᠨᠡᠶᠢᠲᠡᠯᠡᠭᠰᠡᠨ ᠴᠠᠭ᠄
2023/3/21
     ᠣᠶᠢᠷ᠎ᠠ ᠶᠢᠨ ᠬᠤᠭᠤᠴᠠᠭᠠᠨ ᠳᠤ᠂ ᠵᠢᠨᠢᠩ ᠲᠣᠭᠤᠷᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠶᠯᠡᠰ ᠤᠨ ᠦᠶᠯᠡᠴᠢᠯᠡᠭᠡᠨ ᠤ ᠲᠥᠪ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢ ᠰᠡᠯᠪᠢᠨ ᠵᠠᠰᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ︽ᠪᠦᠬᠦᠨ ᠢ ᠬᠠᠮᠤᠷᠬᠤ᠂ ᠣᠷᠬᠢᠭᠳᠠᠭᠤᠯᠬᠤ ᠥᠬᠡᠶ᠂ ᠥᠯᠥ ᠣᠨᠣᠭᠳᠠᠭᠤᠯᠬᠤ︾ ᠠᠵᠢᠯ ᠤᠨ ᠠᠷᠭ᠎ᠠ ᠬᠡᠮᠵᠢᠶ᠎ᠡ ᠠᠪᠴᠤ᠂ ᠬᠤᠲᠠ ᠶᠢᠨ ᠲᠣᠭᠤᠷᠢᠭ ᠤᠨ ᠭᠤᠤᠯ ᠳᠡᠳ᠋ ᠵᠠᠮ᠂ ᠠᠷᠤ ᠵᠡᠭᠡᠯᠢ ᠵᠢᠵᠢᠭ ᠭᠤᠳᠤᠮᠵᠢ ᠶᠢᠨ ᠵᠠᠮ ᠳᠡᠭᠡᠷᠡᠬᠢ ᠠᠩ ᠴᠠᠪᠠ᠂ ᠳᠣᠷᠣᠭᠰᠢ ᠰᠠᠭᠤᠬᠤ᠂ ᠨᠦᠬᠡᠨ ᠵᠠᠮ᠂ ᠶᠠᠪᠠᠭᠠᠨ ᠬᠥᠮᠦᠨ ᠤ ᠵᠠᠮ ᠤᠨ ᠳᠥᠷᠪᠡᠯᠵᠢᠨ ᠲᠣᠭᠤᠰᠬ᠎ᠠ᠂ ᠵᠠᠮ ᠤᠨ ᠳ᠋ᠧᠩ ᠵᠡᠷᠭᠡ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠰᠡᠯᠪᠢᠨ ᠵᠠᠰᠠᠵᠤ᠂ ᠣᠳᠣᠬᠠᠨ ᠳᠤ ᠨᠢᠭᠡᠨᠲᠡ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃      ᠣᠳᠣᠬᠠᠨ ᠳᠤ᠂ ᠬᠤᠲᠠ ᠶᠢᠨ ᠲᠣᠭᠤᠷᠢᠭ ᠤᠨ ᠵᠠᠷᠢᠮ ᠭᠤᠤᠯ᠂ ᠳᠡᠳ᠋ ᠵᠠᠮ ᠳᠡᠭᠡᠷ᠎ᠡ᠂ ᠪᠠᠷᠢᠯᠭ᠎ᠠ ᠶᠢᠨ ᠠᠵᠢᠯᠲᠠᠳ ᠮᠠᠰᠢ ᠶᠠᠭᠠᠷᠠᠯᠲᠠᠶ ᠠᠵᠢᠯᠯᠠᠵᠤ᠂ ᠬᠤᠲᠠ ᠶᠢᠨ ᠲᠣᠭᠤᠷᠢᠭ ᠤᠨ ᠵᠠᠮ᠂ ᠶᠠᠪᠠᠭᠠᠨ ᠬᠥᠮᠦᠨ ᠤ ᠵᠠᠮ᠂ ᠬᠠᠵᠠᠭᠤ ᠶᠢᠨ ᠴᠢᠯᠠᠭᠤ ᠵᠡᠷᠭᠡ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠶᠠᠭ ᠬᠥᠷ ᠬᠥᠭᠵᠢᠶᠡᠨ ᠲᠠᠢ ᠶᠠᠪᠤᠭᠳᠠᠵᠤ ᠪᠠᠶᠢᠬᠤ ᠶᠢ ᠬᠤᠲᠠ ᠶᠢᠨ ᠠᠷᠠᠳ ᠠᠮᠠᠷᠬᠠᠨ ᠣᠯᠵᠤ ᠮᠡᠳᠡᠬᠦ ᠶᠤᠮ᠃ ᠣᠳᠣᠬᠠᠨ ᠳᠤ᠂ ᠲᠥᠪ ᠠᠴᠠ ᠰᠣᠶᠣᠯ ᠤᠨ ᠵᠠᠮ᠂ ᠰᠣᠶᠣᠯ ᠤᠨ ᠰᠤᠷᠭᠠᠭᠤᠯᠢ ᠶᠢᠨ ᠡᠭᠦᠳᠡᠨ ᠡᠮᠦᠨᠡᠬᠢ ᠰᠢᠷᠣᠶ ᠶᠢᠨ ᠶᠠᠪᠠᠭᠠᠨ ᠵᠠᠮ ᠢ ᠬᠡᠮᠵᠢᠬᠦ᠂ ᠮᠠᠯᠲᠠᠬᠤ᠂ ᠴᠡᠪᠡᠷᠯᠡᠨ ᠵᠥᠭᠡᠭᠡᠪᠦᠷᠢᠯᠡᠬᠦ᠂ ᠪᠠᠬᠢᠵᠢᠭᠦᠯᠬᠦ ᠵᠢᠴᠢ ᠪᠧᠲ᠋ᠤᠨ ᠤ ᠳᠡᠪᠢᠰᠦᠭᠰᠡᠨ ᠳᠠᠪᠬᠤᠷᠭ᠎ᠠ ᠶᠢ ᠴᠢᠳᠬᠤᠵᠤ᠂ ᠨᠡᠶᠢᠲᠡ 380 ᠳᠥᠷᠪᠡᠯᠵᠢᠨ ᠰᠢᠷᠣᠶ ᠶᠢᠨ ᠵᠣᠷ ᠢ ᠴᠡᠪᠡᠷᠯᠡᠨ ᠵᠥᠭᠡᠭᠡᠪᠦᠷᠢᠯᠡᠵᠦ᠂ ᠪᠧᠲ᠋ᠤᠨ ᠤ ᠳᠡᠪᠢᠰᠦᠭᠰᠡᠨ ᠳᠠᠪᠬᠤᠷᠭ᠎ᠠ ᠶᠢ 1000m2 ᠤᠰᠤᠯᠠᠨ᠎ᠠ︔ 10 ᠬᠥᠮᠦᠨ᠂ 1 ᠰᠠᠭᠤᠷᠢ ᠵᠠᠮ ᠳᠠᠷᠤᠬᠤ ᠮᠠᠰᠢᠨ ᠢ ᠬᠥᠳᠡᠯᠭᠡᠵᠦ᠂ ᠠᠵᠢᠯᠴᠢᠨ ᠲᠠᠷᠢᠶᠠᠴᠢᠨ ᠤ ᠵᠠᠮ ᠤᠨ ᠪᠠᠭ᠎ᠠ ᠰᠤᠷᠭᠠᠭᠤᠯᠢ ᠶᠢᠨ ᠡᠭᠦᠳᠡᠨ ᠡᠮᠦᠨ᠎ᠡ ᠵᠢᠴᠢ ᠵᠡᠭᠦᠨ ᠲᠠᠯ᠎ᠠ ᠶᠢᠨ ᠲᠡᠷᠭᠡᠨ ᠵᠣᠭᠰᠣᠭᠠᠯ ᠢ ᠲᠦᠷ ᠴᠠᠭ ᠰᠡᠷᠭᠦᠭᠡᠬᠦ ᠲᠤᠬᠠᠢ ᠶᠢᠨ ᠲᠠᠯᠠᠪᠠᠢ ᠳᠤ ᠪᠧᠲ᠋ᠤᠨ ᠳᠡᠪᠢᠰᠬᠦ ᠳᠠᠪᠬᠤᠷᠭ᠎ᠠ ᠶᠢ ᠴᠢᠳᠬᠤᠬᠤ ᠪᠡᠯᠡᠳᠬᠡᠯ ᠠᠵᠢᠯ ᠢ ᠬᠢᠪᠡ᠃ ᠴᠢᠯᠥᠭᠡᠯᠡᠯᠲᠡ ᠵᠠᠮ᠂ ᠰᠣᠶᠣᠯ ᠤᠨ ᠵᠠᠮ ᠤᠨ ᠬᠤᠶᠢᠲᠤ ᠭᠤᠳᠤᠮᠵᠢ᠂ ᠶᠦᠩ ᠠᠨ ᠵᠠᠮ᠂ ᠺᠠᠩ ᠨᠢᠩ ᠡᠮᠦᠨ᠎ᠡ ᠵᠠᠮ᠂  ᠱᠤ᠋ ᠭᠤᠸᠠᠩ ᠵᠠᠮ ᠵᠡᠷᠭᠡ ᠵᠠᠮ ᠤᠨ ᠬᠡᠰᠡᠭ ᠤᠨ ᠵᠠᠮ ᠤᠨ ᠳ᠋ᠧᠩ ᠢ ᠡᠳᠦᠷ ᠲᠤᠲᠤᠮ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠳ᠋ᠧᠩ ᠠᠰᠠᠭᠠᠬᠤ ᠨᠣᠷᠮ᠎ᠠ ᠶᠢ 99%᠎ ᠠᠴᠠ ᠳᠡᠭᠡᠭᠰᠢ ᠳᠤ ᠬᠦᠷᠦᠭᠦᠯᠵᠦ᠂ ᠬᠤᠲᠠ ᠶᠢᠨ ᠲᠣᠭᠤᠷᠢᠭ ᠤᠨ ᠵᠠᠮ ᠤᠨ ᠲᠡᠭᠰᠢ ᠳᠠᠷᠳᠠᠩ᠂ ᠰᠠᠭᠤᠷᠢ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠶᠢ ᠪᠦᠲᠦᠮᠵᠢᠲᠡᠶ ᠪᠠᠲᠤᠯᠠᠪᠠ᠃      ᠲᠠᠷᠠᠭᠠᠴᠢ ᠶᠢᠨ ᠠᠯᠬᠤᠮ ᠳᠤ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠤᠳᠠ ᠪᠠᠶᠢᠭᠤᠯᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢ ᠰᠡᠯᠪᠢᠨ ᠵᠠᠰᠠᠬᠤ ᠠᠵᠢᠯ ᠢ ᠲᠠᠬᠢᠨ ᠲᠡᠰ ᠳᠡᠪᠰᠢᠭᠦᠯᠬᠦ᠂ ᠲᠠᠬᠢᠨ ᠭᠦᠨᠵᠡᠭᠡᠶᠢᠷᠡᠭᠦᠯᠬᠦ᠂ ᠲᠠᠬᠢᠨ ᠲᠡᠭᠦᠯᠳᠡᠷᠵᠢᠭᠦᠯᠬᠦ ᠶᠢᠨ ᠲᠣᠭᠤᠷᠢᠨ ᠳᠤ᠂ ᠪᠦᠬᠦ ᠲᠠᠯ᠎ᠠ ᠪᠠᠷ ᠲᠠᠶᠢᠴᠢᠯᠠᠵᠦ᠂ ᠡᠷᠴᠢ ᠵᠣᠷᠢᠭ ᠢᠶᠠᠨ ᠲᠠᠬᠢᠨ ᠬᠥᠪᠴᠢᠯᠡᠵᠦ᠂ ᠬᠤᠳᠠ ᠶᠢᠨ ᠬᠠᠮᠢᠶᠠᠷᠤᠯᠲᠠ ᠶᠢᠨ ᠠᠵᠢᠯᠳᠠᠨ ᠬᠦᠴᠢᠷ ᠠᠴᠠ ᠠᠶᠤᠬᠤ ᠦᠭᠡᠢ᠂ ᠬᠦᠴᠢᠷ ᠢ ᠰᠦᠷᠦᠨ ᠤᠷᠤᠭᠰᠢᠯᠠᠬᠤ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠬᠦ᠂ ᠦᠷᠭᠦᠯᠵᠢᠯᠡᠨ ᠪᠠᠶᠢᠯᠳᠤᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠰᠢᠪᠲᠤᠯᠤᠯᠲᠠ ᠶᠢᠨ ᠱᠠᠲᠤᠨ ᠳᠤ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠲᠠᠬᠢᠨ ᠳᠡᠭᠡᠭᠰᠢᠯᠡᠭᠦᠯᠬᠦ ᠶᠢ ᠪᠠᠲᠤᠯᠠᠨ᠎ᠠ᠃                                ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2