ᠵᠠᠩ ᠶᠦᠩ ᠸᠧᠨ ᠵᠧᠵᠢᠶᠠᠩ ᠤᠨ ᠵᠢᠵᠢᠭ ᠲᠠᠸᠠᠷ ᠤᠨ ᠪᠥᠭᠡᠮ ᠤᠨ ᠬᠤᠳᠠᠯᠳᠤᠬᠤ ᠵᠠᠬ᠎ᠠ ᠳᠡᠯᠭᠡᠭᠦᠷ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/21
     3 ᠰᠠᠷ᠎ᠠ ᠶᠢᠨ 20᠎ ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠵᠧᠵᠢᠶᠠᠩ ᠤᠨ ᠵᠢᠵᠢᠭ ᠲᠠᠸᠠᠷ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠬᠦᠷᠴᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠰᠢᠪᠠᠳᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠠ᠃    ᠵᠢᠵᠢᠭ ᠲᠠᠸᠠᠷ ᠤᠨ ᠪᠥᠭᠡᠮ ᠤᠨ ᠬᠤᠳᠠᠯᠳᠤᠬᠤ ᠵᠠᠬ᠎ᠠ ᠳᠡᠯᠭᠡᠭᠦᠷ ᠲᠤ ᠣᠷᠣᠵᠤ᠂ ᠵᠠᠩ ᠶᠦᠩ ᠸᠧᠨ ᠵᠠᠬ᠎ᠠ ᠳᠡᠯᠭᠡᠭᠦᠷ ᠤᠨ ᠳᠣᠲᠣᠷ᠎ᠠ ᠭᠠᠳᠠᠨᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ︽ᠡᠭᠦᠳᠡ ᠳᠠᠪᠠᠨ ᠦᠷᠦᠵᠦ ᠲᠠᠯᠪᠢᠬᠤ︾᠂ ᠵᠠᠮ ᠡᠵᠡᠯᠡᠨ ᠡᠵᠡᠩᠨᠡᠬᠦ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠲᠡᠷᠭᠡ ᠵᠣᠭᠰᠣᠬᠤ ᠪᠠᠶᠢᠷᠢ ᠶᠢᠨ ᠵᠢᠷᠤᠭᠠᠰᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠯᠭ᠎ᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠯᠭ᠎ᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠣᠶᠢᠯᠠᠭᠠᠵᠤ᠂ ᠢᠯᠡᠷᠡᠭᠦᠯᠦᠭᠰᠡᠨ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠡᠯ᠎ᠡ ᠭᠤᠭᠴᠤᠭ᠎ᠠ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠬᠢᠨ ᠨᠠᠷᠢᠨ ᠨᠢᠮᠪᠠᠢ ᠪᠠᠶᠢᠵᠤ᠂ ᠡᠷᠴᠢᠮ ᠤᠨ ᠲᠠᠯ᠎ᠠ ᠪᠠᠷ ᠲᠠᠬᠢᠨ ᠴᠢᠩᠭᠠᠷᠠᠭᠤᠯᠬᠤ ᠶᠢ ᠱᠠᠯᠠᠪᠳᠠᠭᠤᠯᠵᠠᠢ᠃    ᠵᠠᠩ ᠶᠦᠩ ᠸᠧᠨ ᠱᠠᠯᠠᠪᠳᠠᠭᠤᠯᠤᠨ ᠵᠢᠯᠣᠭᠤᠳᠬᠤ ᠶᠢᠨ ᠳᠠᠭᠠᠤ ᠵᠠᠬᠢᠵᠤ᠂ ᠵᠢᠨᠢᠩ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠲᠥᠪᠯᠡᠷᠡᠩᠭᠦᠢ ᠪᠣᠭᠤᠮᠲᠠ ᠰᠢᠪᠲᠤᠯᠬᠤ ᠱᠠᠲᠤᠨ ᠳᠤ ᠣᠷᠣᠵᠤ᠂ ᠵᠠᠬ᠎ᠠ ᠳᠡᠯᠭᠡᠭᠦᠷ ᠪᠣᠯ ᠡᠭᠦᠳᠦᠨ ᠪᠠᠶᠢᠭᠤᠯᠬᠤ ᠠᠵᠢᠯ ᠤᠨ ᠭᠤᠣᠯᠳᠠᠯᠭ᠎ᠠ᠂ ᠬᠦᠴᠢᠷ ᠠᠰᠠᠭᠤᠳᠠᠯ ᠪᠣᠯᠤᠨ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯᠲᠠᠳ ᠡᠷᠬᠡᠪᠰᠢ ᠨᠡᠩ ᠶᠡᠭᠡ ᠵᠣᠷᠢᠭ ᠰᠢᠭᠤᠳᠴᠤ᠂ ᠨᠡᠩ ᠶᠡᠭᠡ ᠬᠦᠴᠦ ᠣᠷᠣᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠷᠭᠦᠯᠵᠢᠯᠡᠨ ᠪᠠᠷᠢᠮᠵᠢᠶ᠎ᠠ ᠶᠢ ᠬᠠᠷᠭᠤᠭᠤᠯᠵᠤ᠂ ᠳᠤᠲᠠᠭᠳᠠᠯ ᠎ ᠢᠶᠠᠨ ᠨᠥᠬᠦᠪᠥᠷᠢᠯᠡᠵᠦ᠂ ᠡᠭᠦᠳᠦᠨ ᠪᠠᠶᠢᠭᠤᠯᠬᠤ ᠲᠦᠪᠰᠢᠨ ᠢᠶᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠬᠤᠳᠠ ᠶᠢᠨ ᠪᠣᠯᠪᠠᠰᠤᠨ ᠤ ᠲᠦᠷᠢ ᠲᠥᠷᠬᠦ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃    ᠬᠢᠨᠠᠨ ᠵᠢᠯᠣᠭᠤᠳᠴᠤ ᠳᠠᠭᠤᠰᠤᠭᠰᠠᠨ ᠤ ᠳᠠᠷᠠᠭ᠎ᠠ᠂ ᠵᠠᠩ ᠶᠦᠩ ᠸᠧᠨ ᠳᠠᠬᠢᠨᠲᠠ ᠴᠢᠬᠤᠯᠠᠴᠢᠯᠠᠭᠰᠠᠨ ᠨᠢ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠯ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ᠪᠣᠯᠪᠠᠰᠤᠨ ᠬᠤᠳᠠ ᠶᠢ ᠰᠢᠯᠭᠠᠨ ᠦᠨᠡᠯᠡᠬᠦ ᠪᠠᠷᠢᠮᠵᠢᠶ᠎ᠠ ᠪᠣᠯᠤᠨ ᠬᠠᠷᠠᠯᠲᠠ ᠲᠠᠢ ᠴᠢᠩᠭ᠎ᠠ ᠬᠠᠷᠢᠴᠠᠭᠤᠯᠵᠤ᠂ ᠡᠭᠦᠷᠭᠡ ᠶᠢ ᠵᠤᠷᠪᠤᠰ ᠳᠠᠷᠠᠭᠠᠯᠠᠨ ᠨᠠᠷᠢᠯᠢᠬᠵᠢᠭᠤᠯᠤᠨ ᠵᠠᠳᠠᠯᠵᠤ᠂ ᠭᠤᠣᠯᠳᠠᠯᠭ᠎ᠠ ᠶᠢ ᠳᠤᠪᠤᠶᠢᠯᠭᠠᠵᠤ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠨᠢᠭᠲᠠ ᠬᠠᠮᠵᠢᠯᠴᠠᠵᠤ᠂ ᠳᠤᠲᠠᠭᠳᠠᠯ ᠪᠠᠭᠤᠷᠠᠢ ᠵᠦᠢᠯ ᠢ ᠪᠦᠬᠦ ᠲᠠᠯ᠎ᠠ ᠪᠠᠷ ᠪᠠᠶᠢᠴᠠᠭᠠᠨ ᠡᠮᠬᠢᠯᠡᠵᠦ᠂ ᠪᠠᠭᠤᠷᠠᠢ ᠭᠤᠭᠴᠤᠭ᠎ᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                   ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2