ᠵᠠᠩ ᠶᠦᠩ ᠸᠧᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/22
705470.jpg
     3 ᠰᠠᠷ᠎ᠠ ᠶᠢᠨ 20᠎ ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠤᠷᠢᠳ ᠬᠤᠵᠢᠳ ᠪᠠᠶ ᠸᠠᠩ ᠵᠢᠶᠠ ᠶᠤᠸᠠᠨ D ᠲᠣᠭᠤᠷᠢᠭ᠂ ᠰᠢᠤᠸᠠᠢ ᠹᠦ᠋ ᠴᠡᠴᠡᠷᠯᠢᠭ ᠲᠣᠭᠤᠷᠢᠭ᠂ ᠳ᠋ᠢᠩ ᠰᠢᠶᠠᠩ ᠶᠤᠸᠠᠨ ᠲᠣᠭᠤᠷᠢᠭ ᠵᠢᠴᠢ ᠵᠧᠵᠢᠶᠠᠩ ᠲᠠᠸᠠᠷ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠡᠷᠭᠢᠨ ᠲᠣᠭᠤᠷᠢᠨ ᠳᠤ ᠬᠦᠷᠴᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠵᠢᠨᠢᠩ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠢᠯᠣᠭᠤᠳᠬᠤ ᠭᠠᠵᠠᠷ ᠤᠨ ᠠᠵᠢᠯ ᠤᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠪᠠ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃     ᠡᠯ᠎ᠡ ᠭᠠᠵᠠᠷ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠪᠠᠶᠢᠷᠢᠯᠠᠭᠤᠯᠤᠯᠲᠠ᠂ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠵᠡᠷᠭᠡ ᠠᠵᠢᠯ ᠢ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠳᠠᠷᠠᠭ᠎ᠠ᠂ ᠵᠠᠩ ᠶᠦᠩ ᠸᠧᠨ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ  ᠪᠡᠷᠬᠡᠰᠢᠶᠡᠬᠦ ᠰᠡᠳᠬᠢᠯᠭᠡ ᠶᠢ ᠡᠷᠡᠰ ᠲᠡᠪᠴᠢᠵᠦ᠂ ᠢᠯᠡᠷᠡᠭᠦᠯᠦᠭᠰᠡᠨ ᠠᠰᠠᠭᠤᠳᠠᠯ ᠢ ᠳᠠᠷᠦ᠋ᠢᠬᠠᠨ ᠰᠢᠢᠳᠪᠦᠷᠢᠯᠡᠵᠦ᠂ ᠴᠠᠭ ᠲᠤᠬᠠᠢ ᠳᠤᠨᠢ ᠥᠭᠡᠷᠡᠴᠢᠯᠡᠵᠦ᠂ ᠡᠭᠦᠳᠦᠨ ᠪᠠᠶᠢᠭᠤᠯᠬᠤ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ  ᠭᠡᠵᠡᠢ᠃ ︽ᠭᠤᠷᠪᠠᠨ ᠡᠷᠦᠬᠡ ᠳᠥᠷᠪᠡᠨ ᠳᠠᠷᠤᠭ᠎ᠠ︾ ᠵᠢᠴᠢ ᠥᠮᠴᠢᠲᠡᠨ ᠤ ᠵᠥᠪᠯᠡᠯ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠶᠴᠡᠳᠬᠡᠬᠦ ᠬᠦᠴᠦᠷᠬᠡᠭ ᠶᠡᠭᠡ ᠡᠭᠦᠳᠦᠨ ᠪᠠᠶᠢᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ᠃     ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠳᠡᠭᠡᠷ᠎ᠡ᠂ ᠯᠢ ᠵᠢᠩ ᠤᠶᠢᠷ᠎ᠠ ᠶᠢᠨ ᠬᠤᠭᠤᠴᠠᠭᠠᠨ ᠤ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠢ ᠪᠠᠶᠢᠳᠠᠯ ᠢ ᠮᠡᠳᠡᠭᠳᠡᠪᠡ᠃     ᠵᠠᠩ ᠶᠦᠩ ᠸᠧᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠵᠠᠮ ᠬᠠᠷᠢᠯᠴᠠᠭ᠎ᠠ᠂ ᠵᠠᠬ᠎ᠠ ᠳᠡᠯᠭᠡᠭᠦᠷ᠂ ᠰᠠᠭᠤᠭᠠᠯᠢ ᠲᠣᠭᠤᠷᠢᠭ ᠤᠨ ᠡᠮᠬᠢ ᠳᠢᠭᠯᠢᠮ ᠤᠨ ︽ᠭᠤᠷᠪᠠᠨ ᠶᠡᠭᠡ ᠴᠡᠭᠴᠡᠯᠡᠨ ᠵᠠᠰᠠᠯᠲᠠ︾᠎ ᠶᠢᠨ ᠠᠵᠢᠯ ᠢ ᠭᠦᠨᠵᠡᠭᠡᠢ ᠥᠷᠨᠢᠭᠦᠯᠵᠦ᠂ ᠤᠯᠠᠨ ᠨᠡᠶᠢᠲᠡ ᠶᠢᠨ ᠡᠮᠬᠢ ᠳᠢᠭᠯᠢᠮ ᠢ ᠴᠢᠨᠠᠭᠰᠢᠳᠠ ᠵᠢᠷᠤᠮᠵᠢᠭᠤᠯᠬᠤ ᠬᠡᠷᠡᠭᠲᠡᠢ᠃ ᠣᠷᠣᠨ ᠰᠠᠭᠤᠴᠠ ᠶᠢᠨ ᠲᠣᠭᠤᠷᠢᠭ᠂ ᠰᠢᠶᠠᠩ ᠪᠠᠯᠭᠠᠰᠤ ᠬᠥᠳᠡᠭᠡ ᠲᠣᠰᠬᠤᠨ᠂ ᠤᠯᠠᠨ ᠨᠡᠶᠢᠲᠡ ᠶᠢᠨ ᠲᠠᠯᠠᠪᠤᠷ᠂ ᠭᠤᠣᠯ ᠳᠡᠳ᠋ ᠵᠠᠮ᠂ ᠵᠡᠭᠡᠯᠢ ᠭᠤᠳᠤᠮᠵᠢ ᠵᠡᠷᠭᠡ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠳᠤᠲᠠᠭᠤᠳᠠᠯ ᠪᠠᠭᠤᠷᠠᠢ ᠲᠠᠯ᠎ᠠ ᠶᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠬᠦ ᠬᠡᠷᠡᠭᠲᠡᠢ᠃ ︽ᠭᠤᠷᠪᠠ ᠶᠢ ᠰᠢᠯᠢᠳᠡᠭᠵᠢᠭᠦᠯᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ᠂ ᠠᠵᠢᠯ ᠲᠥᠷᠥᠯ᠂ ᠠᠳᠠᠯ ᠠᠬᠤᠶ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ︽ᠭᠤᠷᠪᠠᠨ ᠶᠡᠭᠡ ᠬᠢᠯᠠᠰ ᠴᠡᠭ︾᠎ ᠢ ᠭᠦᠨᠵᠡᠭᠡᠶᠢᠷᠡᠭᠦᠯᠵᠦ᠂ ᠳᠠᠭᠠᠭᠠᠴᠢᠯᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠬᠦᠴᠦ ᠲᠠᠯᠪᠢᠵᠤ᠂ ᠡᠭᠦᠳᠦᠨ ᠪᠠᠶᠢᠭᠤᠯᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ︽ᠲᠦᠷᠪᠡᠨ ᠵᠦᠢᠯ ᠤᠨ ᠤᠬᠠᠭᠤᠯᠭ᠎ᠠ︾᠎ ᠶᠢ ᠰᠠᠶᠢᠲᠤᠷ ᠬᠡᠷᠡᠭᠯᠡᠵᠦ᠂ ᠵᠠᠭᠤᠴᠢᠯᠠᠭᠤᠷ᠂ ᠭᠡᠷ ᠲᠤᠨᠢ ᠣᠴᠢᠬᠤ᠂ ᠵᠡᠭᠡᠯᠢ ᠭᠤᠳᠤᠮᠵᠢ᠂ ᠰᠤᠷᠭᠠᠭᠤᠯᠢ ᠶᠢᠨ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ ᠬᠤᠳᠠ ᠶᠢ ᠡᠭᠦᠳᠦᠨ ᠪᠠᠶᠢᠭᠤᠯᠬᠤ ᠶᠢ ᠣᠶᠢᠯᠠᠭᠠᠬᠤ ᠨᠤᠷᠮ᠎ᠠ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠬᠤᠳᠠ ᠪᠠᠶᠢᠭᠤᠯᠬᠤ ᠠᠵᠢᠯ ᠤᠨ ᠵᠢᠯᠣᠭᠤᠳᠬᠤ ᠭᠠᠵᠠᠷ᠂ ᠬᠤᠳᠠ ᠪᠠᠶᠢᠭᠤᠯᠬᠤ ᠠᠵᠢᠯ ᠤᠨ ᠠᠯᠪᠠᠨ ᠭᠡᠷ᠂ ᠵᠡᠭᠡᠯᠢ ᠭᠤᠳᠤᠮᠵᠢ ᠰᠢᠶᠠᠩ ᠪᠠᠯᠭᠠᠰᠤ᠂ ᠠᠵᠢᠯ ᠲᠦᠷᠦᠯ ᠤᠨ ᠰᠠᠯᠠᠭ᠎ᠠ ᠮᠥᠴᠢᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽ᠲᠠᠪᠤᠨ ᠲᠠᠯ᠎ᠠ ᠶᠢᠨ ᠬᠠᠷᠢᠭᠤᠴᠠᠯᠭ᠎ᠠ︾᠎ ᠶᠢ ᠴᠢᠩᠭ᠎ᠠ ᠠᠳᠬᠤᠵᠤ᠂ ᠪᠦᠬᠦ ᠠᠵᠢᠯᠳᠠᠨ ᠤ ᠠᠵᠢᠯᠯᠠᠭ᠎ᠠ ᠪᠠᠷ ᠢᠶᠠᠨ ᠠᠵᠢᠯ ᠢ ᠠᠳᠬᠤᠵᠤ᠂ ᠡᠳᠦᠷ ᠪᠦᠷᠢ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠬᠤᠳᠠ ᠪᠠᠶᠢᠭᠤᠯᠬᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃     ᠰᠢᠤᠢ ᠯᠦᠩ᠂ ᠲᠦᠩ ᠢ᠂ ᠵᠠᠩ ᠱᠧᠩ ᠵᠢᠶᠠᠩ᠂ ᠵᠠᠩ ᠱᠦᠨ ᠴᠧᠩ᠂ ᠯᠢ ᠵᠢᠩ᠂ ᠵᠠᠩ ᡁᠢ ᠷᠦᠩ᠂ ᠸᠠᠩ ᠯᠢ ᠰᠢᠨ᠂ ᠶᠠᠩ ᠶᠦᠩ᠂ ᠴᠢᠶᠣᠤ ᠱᠢ ᠢ᠂ ᠯᠢᠦ ᡁᠢ ᠷᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ  ᠳᠤ ᠣᠷᠣᠯᠴᠠᠪᠠ᠃                 ᠵᠢᠷᠤᠭ᠄ ᠴᠢᠶᠤᠤ ᠮᠢᠨ                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2