ᠵᠢᠨᠢᠩ ᠲᠣᠭᠤᠷᠢᠭ ᠤᠨ ᠬᠢᠨ ᠨᠢᠭᠡᠳᠦᠭᠡᠷ ᠤᠯᠠᠷᠢᠯ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠲᠤᠭ᠎ᠠ ᠶᠢ ᠳᠤᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/22
809470.jpg
     3 ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠬᠢᠨ ᠨᠢᠭᠡᠳᠦᠭᠡᠷ ᠤᠯᠠᠷᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠲᠤᠭ᠎ᠠ ᠶᠢ ᠳᠣᠭᠢᠷᠠᠭᠤᠯᠬᠤ ᠬᠤᠷᠠᠯ ᠬᠤᠷᠠᠯᠳᠤᠭᠤᠯᠪᠠ᠃    ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠶᠤᠤ  ᠬᠠᠢ ᠮᠢᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠳᠡᠭᠡᠷ᠎ᠡ᠂  ᠲᠤᠭᠤᠷᠢᠭ ᠤᠨ  ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤᠴᠠᠯᠭᠠᠲᠠᠨ 2023 ᠣᠨ ᠤ 1 — 2 ᠳ᠋ᠤᠭᠠᠷ ᠰᠠᠷ᠎ᠠ ᠶᠢᠨ ᠮᠠᠨ ᠤ  ᠲᠤᠭᠤᠷᠢᠭ ᠤᠨ  ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ ᠵᠡᠷᠭᠡ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ ᠃ ᠲᠣᠭᠤᠷᠢᠭ ᠤᠨ ᠭᠠᠶᠢᠯᠢ ᠶᠢᠨ ᠶᠠᠪᠤᠳᠠᠯ ᠤᠨ  ᠲᠤᠪᠴᠢᠶ᠎ᠠ᠂ ᠬᠤᠳᠠᠯᠳᠤᠭᠠᠨ ᠤ ᠶᠠᠪᠤᠳᠠᠯ ᠤᠨ  ᠲᠤᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠳᠣᠬᠢ ᠱᠠᠲᠤᠨ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃     ᠬᠤᠷᠠᠯ ᠠᠴᠠ ᠱᠠᠭᠠᠷᠳᠠᠭᠰᠠᠨ ᠨᠢ᠂ ᠣᠳᠣᠬᠠᠨ ᠳᠤ ᠮᠠᠨ ᠤ  ᠲᠤᠭᠤᠷᠢᠭ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠮᠠᠰᠢ ᠰᠠᠶᠢᠨ ᠬᠥᠭᠵᠢᠯᠲᠡ ᠶᠢᠨ ᠬᠠᠨᠳᠤᠰᠢ ᠲᠠᠢ ᠪᠤᠯᠵᠤ᠂ ᠡᠯ᠎ᠡ ᠵᠦᠢᠯ ᠤᠨ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ ᠭᠡᠪᠡᠴᠦ ᠡᠭᠦᠨ ᠤ ᠵᠡᠷᠭᠡᠴᠡᠭᠡᠪᠡᠷ ᠪᠠᠰᠠ ᠵᠠᠷᠢᠮ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠷ ᠪᠠᠷᠠᠬᠤ ᠦᠭᠡᠢ ᠪᠠᠰᠠ ᠨᠢᠭᠲᠠ ᠬᠠᠮᠵᠢᠯᠴᠠᠨ ᠬᠠᠮᠵᠢᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠵᠢᠯ ᠢᠶᠠᠨ ᠪᠣᠳᠠᠲᠠᠢ ᠨᠠᠷᠢᠯᠢᠭ ᠂ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠵᠦ᠂ ᠲᠤᠭ᠎ᠠ ᠪᠦᠷᠢᠳᠬᠡᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ᠂ ᠲᠦᠷᠦᠯ ᠵᠦᠢᠯ ᠢ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ  ᠭᠡᠵᠡᠢ᠃    ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                  ᠵᠢᠷᠤᠭ᠄ ᠭᠦᠸᠧ ᠸᠧᠨ ᠵᠢᠶᠧ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2