ᠮᠠᠯᠴᠢᠨ ᠲᠠᠷᠢᠶᠠᠴᠢᠨ ᠲᠠᠢ ᠬᠤᠯᠪᠣᠭᠳᠠᠭᠰᠠᠨ ᠡᠨᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ
ᠨᠡᠶᠢᠲᠡᠯᠡᠭᠰᠡᠨ ᠴᠠᠭ᠄
2023/3/23
       ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠵᠠᠩᠭᠢᠯᠠᠭ᠎ᠠ ᠶᠢᠨ ᠴᠠᠭ ᠲᠠᠭᠠᠨ ᠣᠷᠣᠵᠦ᠂  ᠲᠠᠷᠢᠶᠠᠨ ‍ᠤ‌ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠤ ᠡᠮ ᠵᠡᠷᠭᠡ ᠦᠢᠯᠡᠳᠪᠦᠷᠢᠯᠡᠯ ᠤᠨ ᠬᠡᠷᠡᠭᠰᠡᠯ ᠢ  ᠬᠤᠳᠠᠯᠳᠤᠨ  ᠠᠪᠴᠤ  ᠬᠡᠷᠡᠭᠰᠡᠬᠦ‌ᠤᠷᠬᠢᠯ ᠤᠨ ᠦᠶ᠎ᠡ ᠪᠣᠯᠵᠤ ᠪᠠᠶᠢᠨ᠎ᠠ᠃ ᠬᠥᠳᠡᠭᠡ ᠠᠵᠦ ᠠᠬᠤᠢ ᠬᠦᠳᠡᠭᠡ ᠲᠣᠰᠬᠤᠨ ᠤ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ‌ᠬᠠᠮᠢᠶᠠᠷᠤᠯᠲᠠ ᠶᠢᠨ ᠶᠡᠷᠦᠩᠬᠡᠢ  ᠲᠣᠪᠴᠢᠶ᠎ᠠ᠂  ᠳᠣᠲᠣᠭᠠᠳᠤ ᠶᠢ  ᠬᠠᠮᠠᠭᠠᠯᠠᠬᠤ  ᠶᠠᠮᠤᠨ  ᠵᠡᠷᠭᠡ  ᠲᠤᠯᠤᠭᠠᠨ  ᠰᠠᠯᠠᠭ᠎ᠠ  ᠮᠥᠴᠢᠷ‌ᠬᠠᠮᠲᠤᠷᠠᠨ 2023 ᠣᠨ ᠤ ᠬᠠᠪᠤᠷ ᠤᠨ ᠤᠯᠠᠷᠢᠯ ᠤᠨ  ᠲᠠᠷᠢᠶᠠᠯᠠᠩ ᠤᠨ  ᠦᠢᠯᠡᠳᠪᠦᠷᠢᠯᠡᠯ ᠤᠨ  ᠬᠠᠭᠤᠷᠮᠠᠭ  ᠬᠡᠷᠡᠭᠰᠡᠯ  ᠳ᠋ᠥ‌‍ᠴᠣᠬᠢᠯᠲᠠ ᠥᠭᠬᠦ ᠲᠤᠰᠬᠠᠢ  ᠠᠵᠢᠯᠯᠠᠭ᠎ᠠ  ᠪᠠ  ᠪᠥᠬᠦ  ᠵᠢᠯ ᠤᠨ  ᠠᠵᠢᠯ ᠢ  16᠎ ᠤ  ᠡᠳᠦᠷ  ᠪᠠᠶᠢᠷᠢᠯᠠᠭᠤᠯᠵᠤ᠂  ᠬᠠᠪᠤᠷ ‍ᠤᠨ‌‍ᠲ᠋ᠠᠷᠢᠶᠠᠯᠠᠭ᠎ᠠ ᠶᠢᠨ ᠦᠢᠯᠡᠳᠪᠦᠷᠢᠯᠡᠯ ᠪᠠ ᠪᠥᠬᠦ  ᠵᠢᠯ ᠤᠨ  ᠠᠮᠤ  ᠪᠤᠳᠠᠭᠠᠨ ᠤ  ᠡᠯᠪᠡᠭ  ᠬᠤᠷᠢᠶᠠᠯᠲᠠ  ᠣᠯᠬᠤ ᠳᠤ  ᠪᠠᠲᠤᠯᠠᠭ᠎ᠠ ᠬᠠᠩᠭᠠᠯ᠎ᠠ᠃             ᠣᠶᠢᠯᠠᠭᠠᠭᠰᠠᠨ ᠢᠶᠠᠷ᠂ ᠬᠠᠮᠢᠶᠠᠳᠠᠢ ᠰᠠᠯᠠᠭ᠎ᠠ ᠮᠥᠴᠢᠷ ᠤᠨ ᠬᠢᠨ ᠬᠠᠪᠤᠷ ᠤᠨ  ᠲᠠᠷᠢᠶᠠᠯᠠᠭ᠎ᠠ ᠶᠢᠨ  ᠦᠢᠯᠡᠳᠪᠦᠷᠢᠯᠡᠯ ‍ᠦᠨ‌‍ᠬᠡᠷᠡᠭᠰᠡᠯ ᠤᠨ ᠴᠢᠨᠠᠷ ᠴᠢᠨᠰᠠᠭ᠎ᠠ ᠶᠢᠨ ᠬᠡᠮ ᠰᠣᠭᠤᠭ ᠢ ᠪᠠᠶᠢᠴᠠᠭᠠᠨ᠂ ᠣᠳᠣᠬᠠᠨ ᠳᠤ ᠦᠷ᠎ᠡ᠂ ᠪᠣᠷᠳᠣᠭᠤᠷ᠂ ᠲᠠᠷᠢᠶᠠᠯᠠᠩ ᠮᠠᠯ ‍ᠤᠨ‌ᠡᠮ ᠵᠡᠷᠭᠡ 3 ᠲᠥᠷᠥᠯ ᠤᠨ ᠪᠣᠷᠤᠯᠠᠭᠤᠯᠭ᠎ᠠ ᠰᠠᠶᠢᠲᠠᠢ ᠵᠣᠶᠢᠯ ᠳᠤ ᠠᠩᠬᠠᠷᠤᠯ ᠢᠶᠠᠨ ᠲᠥᠪᠯᠡᠷᠡᠭᠦᠯᠵᠦ᠂  ᠬᠤᠲᠠ  ᠬᠥᠳᠡᠭᠡ ᠵᠢᠨ‌ᠠᠭᠤᠯᠵᠠᠷ ᠭᠠᠵᠠᠷ᠂ ᠲᠠᠷᠢᠶᠠᠯᠠᠩ ᠤᠨ ᠦᠢᠯᠡᠳᠪᠦᠷᠢᠯᠡᠯ ᠢ ᠲᠥᠪᠯᠡᠷᠡᠭᠦᠯᠦᠨ ᠡᠵᠡᠩᠨᠡᠬᠦ ᠭᠠᠵᠠᠷ ᠵᠡᠷᠭᠡ  ᠭᠤᠣᠯᠳᠠᠯᠭ᠎ᠠ ᠲᠠᠢ  ᠣᠷᠣᠨ‌‍ᠪᠦ᠋ᠰᠡ ᠶᠢ ᠴᠢᠩᠭ᠎ᠠ ᠠᠩᠬᠠᠷᠴᠤ᠂ ᠪᠣᠶ ᠪᠦᠬᠦᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠤᠨ ᠠᠵᠤ‌ᠠᠬᠤᠶᠢᠯᠠᠯ ᠪᠠ ᠡᠵᠡᠩᠨᠡᠯᠲᠡ ᠶᠢᠨ ᠳᠡᠯᠭᠡᠭᠦᠷ ᠲᠤ ᠳᠣᠣᠷᠴᠢᠯᠠᠬᠰᠠᠨ ᠪᠠᠶᠢᠴᠠᠭᠠᠯᠲᠠ ᠬᠢᠬᠦ ᠶᠤᠮ ᠪᠠᠶᠢᠨ᠎ᠠ᠃ ᠬᠠᠤᠯᠢ  ᠬᠡᠷᠡᠭᠵᠢᠭᠦᠯᠬᠦ‌ᠠᠵᠢᠯᠲᠠᠳ ᠢ  ᠵᠣᠬᠢᠶᠠᠨ  ᠪᠠᠶᠢᠭᠤᠯᠤᠨ  ᠬᠢᠨᠠᠨ  ᠬᠠᠮᠢᠶᠠᠷᠴᠤ  ᠪᠠᠶᠢᠭᠠᠳ  ᠠᠶᠢᠯ  ᠲᠣᠰᠬᠤᠨ ᠳᠤ  ᠣᠴᠢᠭᠤᠯᠵᠤ᠂   ᠮᠠᠯᠴᠢᠨ‌‍ᠲ᠋ᠠᠷᠢᠶᠠᠴᠢᠨ ᠤ ᠬᠤᠳᠠᠯᠳᠤᠨ ᠠᠪᠤᠭᠰᠠᠨ ᠲᠠᠷᠢᠶᠠᠯᠠᠩ ᠤᠨ ᠬᠡᠷᠡᠭᠰᠡᠯ ᠤᠨ ᠳᠣᠲᠣᠷ᠎ᠠ ᠠᠴᠠ ᠰᠦᠪᠡᠭᠴᠢ ᠡᠷᠢᠵᠦ᠂ ᠬᠠᠤᠯᠢ ᠪᠤᠰᠤ ᠪᠠᠷ‌ᠦᠢᠯᠡᠳᠴᠦ ᠪᠣᠷᠣᠯᠠᠭᠤᠯᠬᠤ ᠠᠵᠢᠯᠯᠠᠭ᠎ᠠ ᠶᠢ ᠭᠡᠳᠡᠷᠭᠦ ᠪᠠᠶᠢᠴᠠᠭᠠᠵᠤ ᠲᠡᠭᠦᠨ ᠳᠤ ᠴᠣᠬᠢᠯᠲᠠ ᠦᠭᠬᠦ ᠪᠠᠷ ᠪᠠᠶᠢᠨ᠎ᠠ᠃                ᠢᠷᠡᠯᠲᠡ᠄  ᠠᠷᠠᠳ ᠤᠨ ᠰᠦᠯᠵᠢᠶ᠎ᠡ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2