ᠤᠯᠠᠭᠠᠨᠴᠠᠪ ᠬᠤᠲᠠ᠂ ᠲᠣᠭᠤᠷᠢᠭ ᠬᠤᠶᠠᠷ ᠱᠠᠲᠤᠨ ᠤ ᠬᠤᠤᠷᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ︽ᠬᠤᠤᠷᠲᠤ ᠡᠳ᠋ ᠢ ᠴᠠᠭᠠᠵᠠᠯᠠᠬᠤ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ ᠬᠤᠤᠷᠲᠤ ᠡᠳ᠋ ᠢ ᠴᠠᠭᠠᠵᠠᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/3/23
    ᠨᠠᠮ ᠤᠨ ᠭᠡᠰᠢᠭᠦᠨ ᠺᠠᠳ᠋ᠷ ᠵᠢᠴᠢ ᠠᠷᠠᠳ ᠤᠨ ᠲᠤᠰᠠᠯᠠᠬᠤ ᠴᠠᠭᠳᠠᠭ᠎ᠠ ᠶᠢᠨ ᠲᠣᠰ ᠪᠡᠶ᠎ᠡ ᠶᠢᠨ ᠬᠤᠤᠷ ᠢ ᠲᠠᠨᠢᠬᠤ᠂ ᠬᠤᠤᠷ ᠢ ᠰᠡᠷᠭᠡᠶᠢᠯᠡᠬᠦ᠂ ᠬᠤᠤᠷ ᠢ ᠡᠰᠡᠷᠭᠦᠴᠡᠬᠦ ᠦᠵᠡᠯ ᠤᠬᠠᠮᠰᠠᠷ ᠪᠠ ᠴᠢᠳᠠᠪᠤᠷᠢ ᠶᠢ ᠦᠨᠡᠨᠬᠦ ᠨᠡᠮᠡᠭᠳᠡᠭᠦᠯᠬᠦ ᠶᠢᠨ ᠲᠤᠰᠠᠳᠠ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠮᠢ ᠨᠠᠰᠤ ᠪᠠᠨ ᠨᠠᠨᠳᠢᠩᠨᠠᠨ ᠬᠠᠶᠢᠷᠠᠯᠠᠬᠤ᠂ ᠬᠤᠤᠷᠲᠤ ᠡᠳ᠋ ᠠᠴᠠ ᠬᠤᠯᠠ ᠵᠠᠶᠢᠳᠠᠵᠦ᠂ ᠬᠤᠤᠷ ᠴᠠᠭᠠᠵᠠᠯᠠᠬᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 17᠎ ᠤ ᠡᠳᠦᠷ᠂ ᠤᠯᠠᠭᠠᠨᠴᠠᠪ ᠬᠤᠲᠠ ᠶᠢᠨ ᠬᠤᠶᠠᠷ ᠱᠠᠲᠤᠨ ᠤ ᠬᠤᠤᠷ ᠴᠠᠭᠠᠵᠠᠯᠠᠬᠤ ᠰᠠᠯᠠᠭ᠎ᠠ ᠮᠥᠴᠢᠷ ᠠᠴᠠ ᠴᠠᠬᠠᠷ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠷᠪᠠᠨ ᠬᠠᠪᠴᠢᠯ ᠤᠨ ᠣᠲᠣ ᠦᠶ᠎ᠡ ᠶᠢᠨ ᠡᠨᠧᠷᠭᠢ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠤᠨ 50 ᠭᠠᠷᠤᠶ ᠨᠠᠮ ᠤᠨ ᠭᠡᠰᠢᠭᠦᠨ ᠺᠠᠳ᠋ᠷ᠂ ᠠᠷᠠᠳ ᠤᠨ ᠲᠤᠰᠠᠯᠠᠬᠤ ᠴᠠᠭᠳᠠᠭ᠎ᠠ᠂ ᠠᠵᠢᠯᠲᠠᠨ ᠳᠤ ︽ᠬᠤᠤᠷ ᠴᠠᠭᠠᠵᠠᠯᠠᠬᠤ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ ᠬᠤᠤᠷ ᠴᠠᠭᠠᠵᠠᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠶ᠎ᠡ︾ ᠭᠡᠬᠦ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠡᠷᠭᠢᠯᠡᠪᠡ᠃   ᠬᠤᠤᠷᠲᠤ ᠡᠳ᠋ ᠢ ᠴᠠᠭᠠᠵᠠᠯᠠᠬᠤ ᠬᠥᠮᠦᠵᠢᠯ ᠤᠨ ᠰᠠᠭᠤᠷᠢᠨ ᠭᠠᠵᠠᠷ ᠲᠤ᠂ ᠣᠨᠴᠠ ᠤᠷᠢᠭᠰᠠᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠬᠤᠤᠷᠲᠤ ᠡᠳ᠋ ᠢ ᠴᠠᠭᠠᠵᠠᠯᠠᠬᠤ ᠬᠡᠤᠬᠡᠳ ᠠᠴᠠ ᠠᠷᠠᠳ ᠤᠨ ᠴᠠᠭᠳᠠᠭ᠎ᠠ ᠪᠣᠯᠤᠨ ᠨᠠᠮ ᠤᠨ ᠭᠡᠰᠢᠭᠦᠨ ᠺᠠᠳ᠋ᠷᠴᠤᠳ ᠲᠤ ᠮᠠᠨ ᠤ ᠤᠯᠤᠰ ᠤᠨ ᠬᠤᠤᠷᠲᠤ ᠡᠳ᠋ ᠢ ᠴᠠᠭᠠᠵᠠᠯᠠᠬᠤ ᠲᠡᠤᠬᠡ᠂ ᠬᠤᠤᠷᠲᠤ ᠡᠳ᠋ ᠢ ᠴᠠᠭᠠᠵᠠᠯᠠᠬᠤ ᠲᠦᠢᠮᠣ ᠪᠠᠶᠢᠳᠠᠯ᠂ ᠣᠳᠣᠬᠠᠨ ᠤ ᠬᠤᠤᠷᠲᠤ ᠡᠳ᠋ ᠤᠨ ᠪᠠᠶᠢᠳᠠᠯ᠂ ᠬᠤᠤᠷᠲᠤ ᠡᠳ᠋ ᠤᠨ ᠲᠥᠷᠥᠯ ᠵᠦᠶᠯ ᠵᠢᠴᠢ ᠬᠤᠤᠷ ᠬᠥᠨᠥᠭᠡᠯ ᠵᠡᠷᠭᠡ ᠮᠡᠳᠡᠯᠭᠡ ᠶᠢ ᠲᠠᠨᠢᠯᠴᠠᠭᠤᠯᠪᠠ᠃ ᠬᠤᠤᠷᠲᠤ ᠡᠳ᠋ ᠢ ᠴᠠᠭᠠᠵᠠᠯᠠᠬᠤ ᠰᠤᠷᠭᠠᠨ ᠬᠥᠮᠦᠵᠢᠯ ᠤᠨ ᠠᠮᠢᠳᠤᠯᠢᠭ ᠬᠡᠷᠡᠯ ᠵᠢᠷᠤᠭ᠂ ᠨᠡᠶᠢᠲᠡᠯᠢᠭ ᠬᠡᠷᠡᠭ ᠤᠨ ᠵᠢᠱᠢᠶ᠎ᠡ ᠨᠢ ᠬᠤᠤᠷᠲᠤ ᠡᠳ᠋ ᠤᠨ ᠬᠤᠪᠢ ᠬᠥᠮᠦᠨ᠂ ᠬᠡᠷ ᠪᠦᠯᠢ ᠵᠢᠴᠢ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠢ ᠣᠯᠠᠨ ᠳᠤ ᠭᠦᠨᠵᠡᠭᠡᠶ ᠣᠶᠢᠯᠠᠭᠠᠭᠤᠯᠪᠠ︔ ᠦᠵᠡᠭᠦᠯᠦᠯᠭᠡ ᠶᠢᠨ ᠲᠢᠩᠬᠢᠮ ᠳᠤ ᠡᠯ᠎ᠡ ᠵᠦᠶᠯ ᠤᠨ ᠬᠤᠤᠷᠲᠤ ᠡᠳ᠋ ᠤᠨ ᠵᠠᠭᠪᠤᠷ ᠪᠠ ᠲᠥᠷᠥᠯ ᠵᠦᠶᠯ᠂ ᠬᠤᠤᠷᠲᠤ ᠡᠳ᠋ ᠲᠠᠲᠠᠬᠤ ᠡᠯ᠎ᠡ ᠵᠦᠶᠯ ᠤᠨ ᠪᠠᠭᠠᠵᠢ ᠵᠡᠷᠭᠡ ᠶᠢ ᠳᠡᠯᠭᠡᠨ ᠦᠵᠡᠭᠦᠯᠵᠦ᠂ ᠬᠥᠮᠦᠰ ᠲᠤ ᠬᠤᠤᠷᠲᠤ ᠡᠳ᠋ ᠤᠨ ᠲᠥᠷᠥᠯ ᠵᠦᠶᠯ ᠪᠠ ᠬᠡᠯᠪᠡᠷᠢ ᠪᠠᠶᠢᠳᠠᠯ ᠢ ᠨᠠᠩ ᠰᠢᠭᠤᠳ  ᠣᠶᠢᠯᠠᠭᠤᠯᠤᠭᠰᠠᠨ ᠪᠠᠶᠢᠨ᠎ᠠ᠃    ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠪᠠᠷ ᠳᠡᠮᠵᠢᠨ᠂ ᠨᠠᠮ ᠤᠨ ᠭᠡᠰᠢᠭᠦᠨ ᠺᠠᠳ᠋ᠷ᠂ ᠠᠷᠠᠳ ᠤᠨ ᠲᠤᠰᠠᠯᠠᠬᠤ ᠴᠠᠭᠳᠠᠭ᠎ᠠ᠂ ᠠᠵᠢᠯᠲᠠᠨ ᠠᠵᠢᠯᠴᠢᠨ ᠤ ᠬᠤᠤᠷᠲᠤ ᠡᠳ᠋ ᠤᠨ ᠪᠠᠶᠢᠳᠠᠯ ᠪᠠ ᠬᠤᠤᠷᠲᠤ ᠡᠳ᠋ ᠤᠨ ᠬᠤᠤᠷ ᠬᠥᠨᠥᠭᠡᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠤᠷᠲᠤ ᠡᠳ᠋ ᠢ ᠡᠰᠡᠷᠭᠦᠴᠡᠬᠦ᠂ ᠬᠤᠤᠷᠲᠤ ᠡᠳ᠋ ᠢ ᠰᠡᠷᠭᠡᠶᠢᠯᠡᠬᠦ ᠤᠬᠠᠮᠰᠠᠷ ᠢ ᠨᠡᠮᠡᠭᠳᠡᠭᠦᠯᠦᠨ᠂ ᠬᠤᠤᠷᠲᠤ ᠡᠳ᠋ ᠢ ᠡᠰᠡᠷᠭᠦᠴᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ ᠡᠭᠦᠨ ᠤ ᠵᠡᠷᠭᠡ ᠳᠤ᠂ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠠᠷᠢᠭᠤᠨ ᠴᠡᠪᠡᠷ  ᠢ ᠡᠷᠬᠢᠮᠯᠡᠨ᠂ ᠬᠤᠤᠷ ᠴᠠᠭᠠᠵᠠᠯᠠᠬᠤ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠬᠤ ᠶᠢᠨ ᠵᠡᠷᠭᠡ ᠳᠤ ᠪᠠᠰᠠ ᠬᠡᠷ ᠤᠨ ᠬᠥᠮᠦᠰ ᠪᠠ ᠨᠠᠶᠢᠵᠠ ᠨᠥᠬᠦᠳ ᠲᠡᠭᠡᠨ ᠬᠤᠤᠷᠲᠤ ᠡᠳ᠋ ᠠᠴᠠ ᠬᠤᠯᠠᠳᠠᠵᠤ᠂ ᠵᠣᠯ ᠵᠢᠷᠭᠠᠯᠲᠤ ᠠᠮᠢᠳᠤᠷᠠᠯ ᠢᠶᠠᠨ ᠨᠠᠨᠳᠢᠩᠨᠠᠬᠤ ᠬᠡᠷᠡᠭᠲᠡᠶ ᠭᠡᠵᠦ ᠰᠡᠷᠡᠮᠵᠢᠯᠡᠭᠦᠯᠬᠦ ᠶᠢ ᠣᠯᠠᠨ ᠳᠤ ᠤᠷᠢᠶᠠᠯᠠᠵᠤ ᠪᠠᠶᠢᠨ᠎ᠠ᠃                             ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2