ᠵᠠᠩ ᠶᠦᠩ ᠸᠧᠨ ᠪᠦᠯᠬᠦᠮ ᠳᠠᠭᠠᠭᠤᠯᠤᠨ ᠱᠠᠨᠳᠦ᠋ᠩ ᠤᠨ ᠶᠠᠨᠲ᠋ᠠᠢ ᠳᠤ ᠬᠦᠷᠴᠦ ᠲᠦᠷᠦᠯ ᠵᠦᠢᠯ ᠤᠨ ᠰᠢᠨᠵᠢᠯᠡᠨ ᠪᠠᠶᠢᠴᠠᠭᠠᠯᠲᠠ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2023/3/24
881470.jpg
     3 ᠰᠠᠷ᠎ᠠ ᠶᠢᠨ 21᠎ ᠤ ᠡᠳᠦᠷ ᠠᠴᠠ 23᠎ ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ  ᠪᠦᠯᠬᠦᠮ ᠳᠠᠭᠠᠭᠤᠯᠤᠨ ᠱᠠᠨᠳᠦ᠋ᠩ ᠤᠨ ᠶᠠᠨᠲ᠋ᠠᠢ ᠳᠤ ᠬᠦᠷᠴᠦ ᠲᠥᠷᠥᠯ ᠵᠦᠶᠯ ᠤᠨ ᠪᠠᠶᠢᠴᠠᠭᠠᠯᠲᠠ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ᠠᠵᠢᠯ ᠢ ᠥᠷᠨᠢᠭᠦᠯᠵᠦ᠂ ᠪᠠᠯᠠ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠵᠥᠪᠳᠡᠯᠴᠡᠨ ᠶᠠᠷᠢᠯᠴᠠᠵᠤ᠂ ᠵᠢᠨᠢᠩ ᠢ  ᠤᠬᠠᠭᠤᠯᠤᠨ ᠲᠠᠨᠢᠯᠴᠠᠭᠤᠯᠪᠠ᠃     ᠵᠠᠩ ᠶᠦᠩ ᠸᠧᠨ ᠨᠠᠷ ᠤᠷᠢᠳ ᠬᠤᠵᠢᠳ ᠱᠢ ᠵᠢᠢ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠱᠢ ᠶᠤᠤ ᠰᠲ᠋ᠣᠺ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠠᠢ ᠳ᠋ᠧ ᠲᠤᠰᠬᠠᠢ ᠬᠡᠷᠡᠭᠯᠡᠭᠡᠨ ᠤ ᠮᠠᠰᠢᠨ ᠲᠡᠷᠭᠡᠨ ᠤ ᠬᠢᠵᠠᠭᠠᠷᠲᠤ ᠺᠣᠮᠫᠠᠨᠢ᠂ ᠰᠢ ᠸᠠᠩ ᠢᠳᠡᠭᠡᠨ ᠤ ᠠᠵᠤ ᠦᠢᠯᠡᠳᠪᠦᠷᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠷᠦᠢ ᠴᠤᠸᠠᠩ ᠸᠧᠢ ᠨᠠ ᠮᠢ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠢᠶᠠᠷ ᠲᠣᠭᠤᠷᠢᠨ ᠦᠵᠡᠵᠦ᠂ ᠡᠯ᠎ᠡ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠦᠢᠯᠡᠳᠪᠦᠷᠢᠯᠡᠯ ᠡᠵᠡᠩᠨᠡᠯᠲᠡ ᠪᠣᠯᠤᠨ ᠦᠢᠯᠡᠳᠬᠦᠨ ᠤ ᠵᠠᠬ᠎ᠠ ᠳᠡᠯᠭᠡᠭᠦᠷ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠡᠨᠡ ᠬᠤᠭᠤᠴᠠᠭᠠᠨ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠠᠮᠢᠳᠤ ᠪᠣᠳᠠᠰ ᠤᠨ ᠡᠮ ᠡᠮᠨᠡᠯᠭᠡ᠂ ᠲᠣᠨᠤᠭ ᠲᠥᠬᠦᠭᠡᠷᠦᠮᠵᠢ ᠦᠶᠯᠡᠳᠬᠦ᠂ ᠢᠳᠡᠭᠡᠨ ᠪᠣᠯᠪᠠᠰᠤᠷᠠᠭᠤᠯᠬᠤ᠂ ᠡᠷᠡᠭᠦᠯᠵᠢᠯ ᠰᠤᠪᠢᠯᠠᠯᠲᠠ ᠵᠢᠭᠤᠯᠴᠢᠯᠠᠯ ᠵᠡᠷᠭᠡ ᠠᠵᠤ ᠦᠶᠯᠡᠰ ᠤᠨ ᠵᠦᠶᠯᠡᠰ ᠤᠨ ᠲᠤᠬᠠᠶ ᠭᠤᠤᠯᠳᠠᠯᠭ᠎ᠠ ᠲᠠᠢ ᠪᠠᠷ ᠵᠥᠪᠳᠡᠯᠴᠡᠨ ᠵᠣᠯᠭᠠᠯᠳᠤᠭᠤᠯᠪᠠ᠃    ᠵᠠᠩ ᠶᠦᠩ ᠸᠧᠨ  ᠶᠠᠷᠢᠯᠴᠠᠬᠤ ᠬᠤᠷᠠᠯ ᠤᠨ ᠬᠤᠭᠤᠴᠠᠭᠠᠨ ᠳᠤ᠂ ᠡᠯ᠎ᠡ ᠠᠵᠤ ᠠᠬᠤᠶᠢᠯᠠᠯᠲᠠᠨ ᠳᠤ ᠵᠢᠨᠢᠩ ᠤᠨ ᠦᠨᠳᠦᠰᠦᠨ ᠪᠠᠶᠢᠳᠠᠯ ᠢ ᠲᠤᠰ ᠲᠤᠰ ᠲᠠᠨᠢᠯᠴᠠᠭᠤᠯᠪᠠ᠃ ᠲᠡᠷᠡ ᠵᠢᠭᠠᠭᠰᠠᠨ ᠨᠢ᠂ ᠵᠢᠨᠢᠩ ᠲᠣᠭᠤᠷᠢᠭ ᠨᠢ ᠤᠯᠠᠭᠠᠨᠴᠠᠪ ᠬᠤᠳᠠ ᠶᠢᠨ ᠲᠥᠪ ᠬᠤᠳᠠ ᠲᠣᠭᠤᠷᠢᠭ ᠪᠣᠯᠤᠭᠰᠠᠨ ᠤ ᠬᠤᠪᠢ ᠳᠤ᠂ ᠥᠪᠡᠷᠮᠢᠴᠡ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠪᠠ ᠰᠠᠶᠢᠨ ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠲᠠᠢ᠂ ᠬᠥᠭᠵᠢᠯᠲᠡ ᠶᠢᠨ ᠣᠷᠣᠨ ᠵᠠᠢ ᠥᠷᠭᠡᠨ ᠠᠭᠤᠳᠠᠮ᠂ ᠡᠯ᠎ᠡ ᠠᠵᠤ ᠠᠬᠤᠶᠢᠯᠠᠯᠲᠠᠨ ᠢ ᠵᠢᠨᠢᠩ ᠳᠤ ᠢᠯᠡᠭᠦᠬᠡᠨ ᠢᠷᠡᠵᠤ ᠵᠤᠭᠠᠴᠠᠬᠤ ᠶᠢ ᠴᠢᠩ ᠰᠡᠳᠬᠢᠯ ᠠᠴᠠ ᠪᠠᠨ ᠤᠷᠢᠵᠤ᠂ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠲᠤᠷᠠᠯᠴᠠᠭ᠎ᠠ ᠶᠢ ᠰᠤᠳᠤᠯᠤᠨ ᠶᠠᠷᠢᠯᠴᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠦ ᠢᠯᠡᠳᠬᠡᠪᠡ᠃ ᠡᠯ᠎ᠡ ᠠᠵᠤ ᠠᠬᠤᠶᠢᠯᠠᠯᠲᠠᠨ᠂ ᠵᠢᠨᠢᠩ ᠤᠨ ᠠᠵᠤ ᠦᠢᠯᠡᠰ ᠤᠨ ᠰᠠᠭᠤᠷᠢ ᠯᠠᠪᠳᠠᠭᠤᠨ ᠪᠠᠲᠤᠲᠠᠢ᠂ ᠬᠥᠭᠵᠢᠯᠲᠡ ᠶᠢᠨ ᠢᠷᠡᠭᠡᠳᠦᠢ ᠲᠠᠢ ᠪᠠᠶᠢᠨ᠎ᠠ᠂ ᠤᠶᠢᠷ᠎ᠠ ᠶᠢᠨ ᠬᠤᠭᠤᠴᠠᠭᠠᠨ ᠳᠤ ᠪᠦᠯᠬᠦᠮ ᠵᠣᠬᠢᠶᠠᠨ ᠪᠠᠶᠢᠭᠤᠯᠵᠤ ᠵᠢᠨᠢᠩ ᠳᠤ ᠬᠦᠷᠴᠦ ᠭᠦᠨᠵᠡᠭᠡᠢ ᠰᠣᠯᠢᠯᠴᠠᠭ᠎ᠠ ᠬᠢᠵᠦ ᠰᠢᠨᠵᠢᠯᠡᠨ ᠪᠠᠶᠢᠴᠠᠭᠠᠵᠤ᠂ ᠨᠡᠩ ᠤᠯᠠᠨ ᠥᠨᠳᠥᠷ ᠪᠦᠲᠦᠮᠵᠢᠲᠡᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠦᠨ᠎ᠡ ᠭᠡᠵᠦ ᠢᠯᠡᠳᠬᠡᠵᠡᠭᠡᠪᠡ᠃    ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠵᠢᠨᠢᠩ ᠲᠣᠭᠤᠷᠢᠭ ᠲᠤᠰ ᠲᠤᠰ   ᠬᠠᠢ ᠳ᠋ᠧ ᠲᠤᠰᠬᠠᠢ ᠬᠡᠷᠡᠭᠯᠡᠭᠡᠨ ᠤ ᠮᠠᠰᠢᠨ ᠲᠡᠷᠭᠡᠨ ᠤ ᠬᠢᠵᠠᠭᠠᠷᠲᠤ ᠺᠣᠮᠫᠠᠨᠢ᠂ ᠰᠢ ᠸᠠᠩ ᠢᠳᠡᠭᠡᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠠᠢ᠃     ᠵᠠᠩ ᡁᠢ ᠷᠦᠩ᠂ ᠱᠢ ᠭᠤᠸᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃                                             ᠵᠢᠷᠤᠭ᠄ ᠴᠢᠶᠤᠤ ᠮᠢᠨ                       ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2