| | | | | | | | 3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ︽12345︾ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠶᠴᠡᠳᠬᠡᠬᠦ ᠶᠢ | ᠠᠬᠢᠭᠤᠯᠬᠤ ᠬᠤᠷᠠᠯ ᠬᠤᠷᠠᠯᠳᠤᠪᠠ᠃ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ ᠵᠢᠭᠠᠭᠰᠠᠨ ᠨᠢ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠵᠦᠢᠯᠡᠰ ᠢ ᠰᠢᠢᠳᠪᠦᠷᠢᠯᠡᠬᠦ ᠪᠠ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠬᠦ ᠳᠤ᠂ ᠪᠦᠬᠦ ᠲᠤᠭᠤᠷᠢᠭ ᠢᠶᠠᠷ ᠢᠶᠠᠨ | ᠬᠠᠮᠲᠤᠪᠠᠷ ᠬᠦᠴᠦᠯᠡᠵᠦ᠂ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠯᠠᠮᠰᠢᠯ ᠤᠲᠠᠰᠤᠨ ᠤ ᠠᠵᠢᠯ ᠢ ︽ᠨᠢᠭᠡᠳᠦᠭᠡᠷ | ᠭᠠᠷ︾ ᠤᠨ ᠢᠨᠵᠧᠨᠧᠷᠢᠩ ᠪᠣᠯᠭᠠᠨ ᠠᠳᠬᠤᠵᠤ᠂ ᠭᠤᠤᠯ ᠤᠳᠤᠷᠢᠳᠤᠯᠭ᠎ᠠ ᠨᠢ ᠬᠠᠯᠠᠮᠰᠢᠯ ᠤᠲᠠᠰᠤᠨ ᠤ ᠠᠵᠢᠯ ᠢ | ᠦᠷᠭᠦᠯᠵᠢ ᠠᠰᠠᠭᠤᠨ ᠯᠠᠪᠯᠠᠵᠤ᠂ ᠣᠯᠠᠨ ᠲᠦᠮᠡᠨ ᠤ ᠲᠤᠰᠬᠠᠯ ᠨᠡᠯᠢᠶᠡᠳ ᠲᠣᠪᠤᠶᠢᠮ᠎ᠠ ᠠᠰᠠᠭᠤᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠤᠨ ᠰᠢᠶᠳᠪᠦᠷᠢᠯᠡᠵᠦ᠂ ᠴᠢᠬᠤᠯᠠ ᠶᠡᠭᠡ ᠬᠠᠯᠠᠮᠰᠢᠯ᠂ ᠬᠦᠴᠢᠷ ᠠᠰᠠᠭᠤᠳᠠᠯ ᠢ | ᠪᠡᠶ᠎ᠡ ᠪᠠᠷ ᠢᠶᠠᠨ ᠰᠢᠶᠳᠪᠦᠷᠢᠯᠡᠵᠦ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠵᠦᠶᠯᠡᠰ ᠢ ᠰᠢᠶᠳᠪᠦᠷᠢᠯᠡᠬᠦ | ᠠᠵᠢᠯ ᠢ ᠪᠠᠶᠢᠩᠭᠤᠵᠢᠭᠤᠯᠤᠨ ᠠᠬᠢᠭᠤᠯᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ 12345 ᠠᠵᠢᠯ ᠤᠨ ᠥᠷᠲᠡᠭᠡ ᠠᠴᠠ ᠠᠰᠠᠭᠤᠳᠠᠯ ᠢ ᠴᠠᠭ | ᠲᠤᠬᠠᠶ ᠳᠤᠨᠢ᠂ ᠣᠨᠣᠪᠴᠢᠲᠠᠶ ᠳᠠᠮᠵᠢᠭᠤᠯᠵᠤ᠂ ᠬᠠᠮᠢᠶ᠎ᠠ ᠪᠥᠬᠦᠶ ᠬᠠᠷᠢᠭᠤᠴᠠᠯᠭ᠎ᠠ ᠲᠠᠢ ᠨᠢᠭᠡᠴᠢ ᠠᠴᠠ ︽ᠤᠷᠢᠳᠠᠪᠠᠷ | ᠭᠥᠯᠢᠶᠡᠨ ᠠᠪᠴᠤ ᠤᠷᠢᠳᠠᠪᠠᠷ ᠰᠢᠶᠳᠪᠦᠷᠢᠯᠡᠬᠦ᠂ ᠨᠢᠭᠡ ᠶᠢ ᠡᠴᠦᠰ ᠲᠤᠨᠢ ᠲᠤᠯᠲᠠᠯ᠎ᠠ ᠬᠠᠮᠢᠶᠠᠷᠬᠤ︾ ᠵᠠᠷᠴᠢᠮ | ᠶᠣᠰᠣᠭᠠᠷ᠂ ᠠᠵᠢᠯ ᠤᠨ ᠬᠠᠭᠤᠳᠠᠰᠤ ᠶᠢ ᠡᠮᠬᠢᠯᠡᠭᠰᠡᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ | ᠲᠤᠰᠬᠠᠵᠤ᠂ ᠳᠠᠭᠠᠭᠠᠨ ᠭᠦᠶᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠲᠤᠰᠬᠠᠭᠰᠠᠨ | ᠠᠰᠠᠭᠤᠳᠠᠯ ᠢ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤ ᠥᠭᠬᠦ ᠬᠡᠷᠡᠭᠲᠡᠶ᠃ | ᠬᠤᠷᠠᠯ ᠠᠴᠠ ᠮᠠᠨ ᠤ ᠲᠤᠭᠤᠷᠢᠭ ᠤᠨ ᠨᠢᠭᠡᠳᠦᠭᠡᠷ ᠤᠯᠠᠷᠢᠯ ᠤᠨ ︽12345︾ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠶᠴᠡᠳᠬᠡᠭᠰᠡᠨ ᠪᠠᠶᠢᠳᠠᠯ ᠢ ᠮᠡᠳᠡᠭᠳᠡᠪᠡ ᠃ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠶᠤᠤ ᠬᠠᠶ ᠮᠢᠩ᠂ ᠷᠧᠨ ᠶᠦᠩ ᠱᠧᠩ᠂ ᠸᠠᠩ ᠬᠦᠶ ᠴᠧᠩ᠂ ᠯᠢᠦ ᡁᠢ ᠷᠦᠩ ᠵᠢᠴᠢ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | ᠵᠢᠷᠤᠭ᠄ ᠴᠢᠶᠤᠤ ᠮᠢᠨ | ᠤᠷᠴᠢᠭᠤᠯᠤᠭᠴᠢ᠄ ᠲᠤᠶᠠᠭ᠎ᠠ | | | |