ᠵᠠᠩ ᠶᠦᠩ ᠸᠧᠨ ᠮᠠᠨ ᠤ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/29
705470.jpg
      3 ᠳ᠋ᠤᠭᠠᠷ ᠰᠠᠷ᠎ᠠ ᠶᠢᠨ 27᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠮᠠᠨ ᠤ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃      ᠵᠠᠩ ᠶᠦᠩ ᠸᠧᠨ᠂ ᠬᠤᠸᠠ ᠹᠧᠩ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ᠂ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯ᠂ ᠪᠣᠷᠣᠯᠠᠭᠤᠯᠭ᠎ᠠ ᠶᠢᠨ ᠪᠠᠶᠢᠳᠠᠯ ᠵᠢᠴᠢ ᠪᠠᠷᠠᠭ᠎ᠠ ᠣᠷᠣᠭᠤᠯᠬᠤ ᠠᠷᠭ᠎ᠠ ᠵᠠᠮ ᠢ ᠨᠠᠷᠢᠨ ᠠᠰᠠᠭᠤᠨ ᠯᠠᠪᠯᠠᠭᠰᠠᠨ ᠪᠥᠭᠡᠳ ᠦᠷ᠎ᠡ᠂ ᠪᠤᠷᠳᠤᠭᠤᠷ᠂ ᠲᠠᠷᠢᠶᠠᠨ ᠡᠮ ᠤᠨ ᠦᠨ᠎ᠡ ᠬᠠᠩᠰᠢ ᠶᠢᠨ ᠬᠠᠨᠳᠤᠰᠢ ᠪᠣᠯᠤᠨ ᠲᠠᠷᠢᠶᠠᠴᠢᠨ ᠡᠷᠦᠬᠡ ᠶᠢᠨ ᠬᠤᠳᠠᠯᠳᠤᠨ ᠠᠪᠤᠭᠰᠠᠨ ᠲᠠᠷᠢᠶᠠᠯᠠᠩ  ᠦᠢᠯᠡᠳᠪᠦᠷᠢᠯᠡᠯ ᠤᠨ ᠬᠡᠷᠡᠭᠰᠡᠯ ᠤᠨ ᠲᠦᠷᠦᠯ ᠵᠦᠢᠯ᠂ ᠲᠠᠷᠢᠬᠤ ᠲᠠᠯᠠᠪᠠᠢ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠨᠠᠷ ᠰᠠᠶᠢᠲᠠᠢ ᠦᠨ᠎ᠡ ᠬᠢᠮᠳᠠ ᠲᠠᠷᠢᠶᠠᠯᠠᠩ  ᠦᠢᠯᠡᠳᠪᠦᠷᠢᠯᠡᠯ ᠤᠨ ᠬᠡᠷᠡᠭᠰᠡᠯ ᠢ ᠬᠠᠩᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠬᠡᠯᠡᠪᠡ᠃ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠪᠠ ᠠᠵᠢᠯ ᠲᠦᠷᠦᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠦᠨᠡᠨ ᠬᠦ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ᠃       ᠵᠠᠩ ᠶᠦᠩ ᠸᠧᠨ ᠮᠠ ᠯᠢᠶᠠᠨ ᠴᠢᠦᠶ ᠰᠢᠶᠠᠩ ᠤᠨ  ᠶᠡᠭᠡ ᠠᠷᠪᠠᠳᠤᠭᠠᠷ ᠲᠣᠰᠬᠤᠨ ᠤ ᠲᠠᠷᠢᠶᠠᠨ ᠭᠠᠵᠠᠷ ᠲᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠪᠣᠳᠠᠲᠠᠢ ᠠᠷᠭ᠎ᠠ ᠬᠡᠮᠵᠢᠶ᠎ᠡ᠂ ᠭᠠᠵᠠᠷ ᠰᠢᠷᠣᠢ ᠶᠢᠨ ᠡᠷᠭᠢᠯᠲᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠶᠡᠭᠡ ᠠᠷᠪᠠᠳᠤᠭᠠᠷ ᠨᠣᠮᠧᠷᠲᠤ ᠲᠣᠰᠬᠤᠨ ᠤ ᠠᠷᠠᠳ ᠤᠨ ᠪᠠᠶᠢᠷᠢ ᠶᠢᠨ ᠬᠠᠷᠢᠭᠤᠴᠠᠯᠭᠠᠲᠠᠨ ᠲᠠᠢ ᠶᠠᠷᠢᠯᠴᠠᠬᠤ ᠳᠠᠭᠠᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠠᠮᠵᠢᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠠᠷᠠᠳ ᠤᠨ ᠪᠠᠶᠢᠷᠢ ᠶᠢᠨ ᠡᠷᠲᠡᠬᠡᠨ ᠠᠰᠢᠭᠯᠠᠯᠲᠠ ᠳᠤ ᠣᠷᠣᠬᠤ ᠶᠢ ᠪᠠᠲᠤᠯᠠᠵᠤ᠂ ᠵᠤᠭᠠᠴᠠᠯ ᠤᠨ ᠬᠥᠭᠵᠢᠶᠡᠨᠲᠡᠢ ᠤᠯᠠᠷᠢᠯ ᠢ ᠤᠭᠲᠤᠬᠤ ᠬᠡᠷᠡᠭᠲᠡᠢ ᠭᠡᠵᠦ ᠬᠡᠯᠡᠪᠡ᠃ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠬᠥᠳᠡᠭᠡ ᠲᠣᠰᠬᠤᠨ ᠤ ᠵᠤᠭᠠᠴᠠᠯ ᠰᠡᠯᠡᠭᠦᠴᠡᠯ ᠤᠨ ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠨᠢᠭᠡ ᠪᠦᠯᠦᠭ ᠠᠭᠤᠯᠤᠭᠳᠠᠬᠤᠨ ᠢᠶᠠᠷ ᠪᠠᠶᠠᠯᠢᠭ᠂ ᠣᠨᠴᠠᠯᠢᠭ ᠢᠶᠠᠷ ᠢᠯᠡ ᠲᠣᠳᠣ᠂ ᠴᠢᠳᠠᠮᠵᠢ ᠪᠠᠷ ᠪᠦᠷᠢᠨ ᠲᠡᠭᠦᠯᠳᠡᠷ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠢ ᠴᠢᠷᠮᠠᠶᠢᠨ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢ ᠣᠯᠭᠤᠬᠤ ᠬᠡᠷᠡᠭᠲᠡᠢ  ᠭᠡᠵᠡᠢ᠃       ᠵᠠᠩ ᠶᠦᠩ ᠸᠧᠨ᠂ ᠪᠠᠢ ᠬᠠᠢ ᠽᠢ ᠪᠠᠯᠭᠠᠰᠤᠨ ᠤ ᠴᠢᠤᠸᠠᠨ ᠨᠤᠤ ᠲᠣᠰᠬᠤᠨ ᠤ ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠶᠢ ᠠᠮᠢ ᠠᠬᠤᠢ ᠵᠢᠨ‌ᠦᠷᠡᠵᠢᠭᠦᠯᠬᠦ ᠬᠦᠷᠢᠶᠡᠯᠡᠩ ᠲᠣᠭᠤᠷᠢᠭ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠪᠣᠯᠤᠨ ᠬᠤᠩ ᠱᠧᠩ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠳᠤ  ᠬᠦᠷᠴᠦ᠂  ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠦᠵᠡᠯᠲᠡ ᠪᠠᠨ ᠴᠢᠨᠠᠭᠰᠢᠳᠠ ᠬᠤᠪᠢᠷᠠᠭᠤᠯᠵᠤ᠂ ᠬᠡᠪᠴᠢᠶᠡᠵᠢᠭᠰᠡᠨ᠂ ᠰᠢᠨᠵᠢᠯᠡᠬᠦ ᠤᠬᠠᠭᠠᠨᠴᠢᠯᠠᠭᠰᠠᠨ ᠲᠡᠵᠢᠭᠡᠨ ᠦᠷᠡᠵᠢᠭᠦᠯᠦᠯᠲᠡ ᠶᠢ ᠶᠡᠬᠡᠪᠡᠷ ᠬᠥᠭᠵᠢᠭᠦᠯᠵᠦ᠂ ᠲᠡᠵᠢᠭᠡᠨ ᠦᠷᠡᠵᠢᠭᠦᠯᠬᠦ ᠦᠢᠯᠡᠰ ᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢᠨ ᠲᠤᠯᠭᠠᠭᠤᠷᠢ ᠠᠵᠤ ᠦᠢᠯᠡᠰ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠠᠬᠢᠪᠠ᠃       ᠳ᠋ᠧᠦ ᠲᠤᠤ ᠷᠠᠨ᠂ ᠡᡁᠧ ᠷᠦᠨ ᠭᠧᠨ᠂ ᠵᠠᠩ ᡁᠢ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                 ᠵᠢᠷᠤᠭ᠄ ᠴᠢᠶᠤᠤ ᠮᠢᠨ                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2