ᠺᠠᠩ ᠬᠠᠶ ᠷᠦᠢ  ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠶᠴᠡᠳᠬᠡᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/29
     3 ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠶᠴᠡᠳᠬᠡᠬᠦ ᠶᠢ  ᠠᠬᠢᠭᠤᠯᠬᠤ ᠬᠤᠷᠠᠯ ᠬᠤᠷᠠᠯᠳᠤᠪᠠ᠃      ᠲᠤᠭᠤᠷᠢᠭ ᠤᠨ  ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃   ᠬᠤᠷᠠᠯ ᠠᠴᠠ ᠵᠢᠭᠠᠭᠰᠠᠨ ᠨᠢ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠵᠦᠢᠯᠡᠰ ᠢ ᠰᠢᠢᠳᠪᠦᠷᠢᠯᠡᠬᠦ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠬᠦ ᠳᠤ᠂ ᠪᠦᠬᠦ  ᠲᠤᠭᠤᠷᠢᠭ ᠢᠶᠠᠷ ᠢᠶᠠᠨ ᠬᠠᠮᠲᠤᠪᠠᠷ ᠬᠦᠴᠦᠯᠡᠵᠦ᠂ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠯᠠᠮᠰᠢᠯ ᠤᠲᠠᠰᠤᠨ ᠤ ᠠᠵᠢᠯ ᠢ ︽ᠨᠢᠭᠡᠳᠦᠭᠡᠷ ᠭᠠᠷ︾᠎ ᠤᠨ ᠢᠨᠵᠧᠨᠧᠷᠢᠩ ᠪᠣᠯᠭᠠᠨ ᠠᠳᠬᠤᠵᠤ᠂ ᠭᠤᠤᠯ ᠤᠳᠤᠷᠢᠳᠤᠯᠭ᠎ᠠ ᠨᠢ ᠬᠠᠯᠠᠮᠰᠢᠯ ᠤᠲᠠᠰᠤᠨ ᠤ ᠠᠵᠢᠯ ᠢ ᠦᠷᠭᠦᠯᠵᠢ ᠠᠰᠠᠭᠤᠨ ᠯᠠᠪᠯᠠᠵᠤ᠂ ᠣᠯᠠᠨ ᠲᠦᠮᠡᠨ ᠤ ᠲᠤᠰᠬᠠᠯ ᠨᠡᠯᠢᠶᠡᠳ ᠲᠣᠪᠤᠶᠢᠮ᠎ᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠰᠢᠶᠳᠪᠦᠷᠢᠯᠡᠵᠦ᠂ ᠴᠢᠬᠤᠯᠠ ᠶᠡᠭᠡ ᠬᠠᠯᠠᠮᠰᠢᠯ᠂ ᠬᠦᠴᠢᠷ ᠠᠰᠠᠭᠤᠳᠠᠯ ᠢ ᠪᠡᠶ᠎ᠡ ᠪᠠᠷ ᠢᠶᠠᠨ ᠰᠢᠶᠳᠪᠦᠷᠢᠯᠡᠵᠦ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠵᠦᠶᠯᠡᠰ ᠢ ᠰᠢᠶᠳᠪᠦᠷᠢᠯᠡᠬᠦ ᠠᠵᠢᠯ ᠢ ᠪᠠᠶᠢᠩᠭᠤᠵᠢᠭᠤᠯᠤᠨ ᠠᠬᠢᠭᠤᠯᠬᠤ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ 12345 ᠠᠵᠢᠯ ᠤᠨ ᠥᠷᠲᠡᠭᠡ ᠠᠴᠠ ᠠᠰᠠᠭᠤᠳᠠᠯ ᠢ ᠴᠠᠭ ᠲᠤᠬᠠᠶ ᠳᠤᠨᠢ᠂ ᠣᠨᠣᠪᠴᠢᠲᠠᠶ ᠳᠠᠮᠵᠢᠭᠤᠯᠵᠤ᠂ ᠬᠠᠮᠢᠶ᠎ᠠ ᠪᠥᠬᠦᠶ ᠬᠠᠷᠢᠭᠤᠴᠠᠯᠭ᠎ᠠ ᠲᠠᠢ ᠨᠢᠭᠡᠴᠢ ᠠᠴᠠ ︽ᠤᠷᠢᠳᠠᠪᠠᠷ ᠭᠥᠯᠢᠶᠡᠨ ᠠᠪᠴᠤ ᠤᠷᠢᠳᠠᠪᠠᠷ ᠰᠢᠶᠳᠪᠦᠷᠢᠯᠡᠬᠦ᠂ ᠨᠢᠭᠡ ᠶᠢ ᠡᠴᠦᠰ ᠲᠤᠨᠢ ᠲᠤᠯᠲᠠᠯ᠎ᠠ ᠬᠠᠮᠢᠶᠠᠷᠬᠤ︾ ᠵᠠᠷᠴᠢᠮ ᠶᠣᠰᠣᠭᠠᠷ᠂ ᠠᠵᠢᠯ ᠤᠨ ᠬᠠᠭᠤᠳᠠᠰᠤ ᠶᠢ ᠡᠮᠬᠢᠯᠡᠭᠰᠡᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠵᠤ᠂ ᠳᠠᠭᠠᠭᠠᠨ ᠭᠦᠶᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤ ᠥᠭᠬᠦ ᠬᠡᠷᠡᠭᠲᠡᠶ᠃     ᠬᠤᠷᠠᠯ ᠠᠴᠠ ᠮᠠᠨ ᠤ ᠲᠤᠭᠤᠷᠢᠭ ᠤᠨ  ᠨᠢᠭᠡᠳᠦᠭᠡᠷ ᠤᠯᠠᠷᠢᠯ ᠤᠨ ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠶᠴᠡᠳᠬᠡᠭᠰᠡᠨ ᠪᠠᠶᠢᠳᠠᠯ ᠢ ᠮᠡᠳᠡᠭᠳᠡᠪᠡ ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃       ᠶᠤᠤ ᠬᠠᠶ ᠮᠢᠩ᠂ ᠷᠧᠨ ᠶᠦᠩ ᠱᠧᠩ᠂ ᠸᠠᠩ ᠬᠦᠶ ᠴᠧᠩ᠂ ᠯᠢᠦ ᡁᠢ ᠷᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃                     ᠵᠢᠷᠤᠭ᠄ ᠴᠢᠶᠤᠤ ᠮᠢᠨ                     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2