ᠵᠢᠨᠢᠩ ᠲᠣᠭᠤᠷᠢᠭ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/3/6
734470.jpg
     3 ᠰᠠᠷ᠎ᠠ ᠶᠢᠨ 3᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ  ᠬᠠᠯᠠᠮᠰᠢᠯ ᠤᠲᠠᠰᠤᠨ ᠤ ᠠᠵᠢᠯ ᠤᠨ ᠪᠣᠯᠪᠠᠰᠤᠷᠠᠯ ᠤᠨ ᠬᠤᠷᠠᠯ ᠡᠷᠭᠢᠯᠡᠵᠦ᠂ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠬᠡᠷ ᠤᠨ ᠡᠷᠬᠢᠯᠡᠭᠴᠢ ᠶᠢᠨ ᠪᠣᠯᠪᠠᠰᠤᠷᠠᠭᠤᠯᠤᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ  ᠨᠠᠶᠢᠳᠠᠪᠤᠷᠢᠵᠢᠭᠤᠯᠵᠤ᠂ ᠵᠢᠨᠢᠩ ᠲᠣᠭᠤᠷᠢᠭ ᠤᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ  ᠬᠠᠯᠠᠮᠰᠢᠯ ᠤᠲᠠᠰᠤᠨ ᠤ ᠠᠵᠢᠯ ᠤᠨ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠥᠷᠨᠢᠬᠦ ᠶᠢ ᠲᠠᠰᠤᠷᠠᠯᠲᠠ ᠥᠬᠡᠶ ᠠᠬᠢᠭᠤᠯᠬᠤ ᠶᠢᠨ ᠲᠥᠯᠥᠭᠡᠬᠤᠷᠠᠯ ᠬᠤᠷᠠᠯᠳᠤᠪᠠ᠃     ᠬᠤᠷᠠᠯ ᠳᠡᠭᠡᠷ᠎ᠡ᠂ ᠤᠯᠠᠭᠠᠨᠴᠠᠪ ᠬᠤᠲᠠ ᠶᠢᠨ 12345 ᠬᠠᠯᠠᠮᠰᠢᠯ ᠤᠲᠠᠰᠤᠨ ᠤ ᠵᠢᠯᠣᠭᠤᠳᠬᠤ ᠲᠥᠪ ᠤᠨ ᠠᠵᠢᠯᠲᠠᠳ  ᠬᠠᠯᠠᠮᠰᠢᠯ ᠤᠲᠠᠰᠤᠨ ᠤ ᠭᠥᠯᠢᠶᠡᠨ ᠠᠪᠴᠤ ᠰᠢᠶᠳᠪᠦᠷᠢᠯᠡᠬᠦ ᠬᠡᠪᠴᠢᠶ᠎ᠡ᠂ ᠭᠤᠮᠣᠳᠠᠯ ᠱᠠᠭᠠᠷᠳᠠᠯᠭ᠎ᠠ ᠶᠢ ᠰᠢᠯᠵᠢᠭᠦᠯᠦᠨ ᠭᠦᠶᠴᠡᠳᠬᠡᠬᠦ᠂ ᠬᠠᠷᠢᠭᠤ ᠲᠤᠰᠬᠠᠬᠤ᠂ ᠰᠢᠪᠠᠳᠠᠨ ᠰᠢᠶᠳᠪᠦᠷᠢᠯᠡᠭᠦᠯᠵᠦ ᠬᠢᠨᠠᠨ ᠰᠢᠯᠭᠠᠬᠤ᠂ ᠪᠣᠯᠵᠣᠨ ᠶᠠᠷᠢᠯᠴᠠᠬᠤ ᠵᠢᠷᠤᠮ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃ ᠡᠭᠦᠨ ᠤ ᠬᠠᠮᠲᠤ᠂  ᠬᠠᠯᠠᠮᠰᠢᠯ ᠤᠲᠠᠰᠤᠨ ᠤ ᠠᠵᠢᠯ ᠤᠨ ᠬᠠᠮᠤᠭ ᠤᠨ ᠰᠢᠨ᠎ᠡ ᠪᠠᠶᠢᠳᠠᠯ ᠪᠠ ᠡᠭᠦᠷᠭᠡ ᠶᠢᠨ ᠬᠡᠷᠡᠭᠴᠡᠭᠡ ᠲᠠᠢ ᠤᠶᠠᠯᠳᠤᠭᠤᠯᠤᠨ᠂  ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠶᠴᠡᠳᠬᠡᠬᠦ ᠶᠠᠪᠤᠴᠠ᠂ ᠠᠩᠬᠠᠷᠬᠤ ᠵᠦᠶᠯ᠂ ᠬᠠᠷᠢᠭᠤ ᠥᠭᠬᠦ ᠶᠠᠰᠤ ᠴᠢᠨᠠᠷ ᠵᠡᠷᠭᠡ ᠶᠢ ᠵᠢᠷᠤᠮᠵᠢᠭᠤᠯᠤᠨ ᠵᠢᠯᠣᠭᠤᠳᠬᠤ ᠶᠢᠨ ᠬᠠᠮᠲᠤ᠂ ᠬᠦᠴᠢᠷ ᠲᠦᠪᠡᠭᠲᠡᠶ ᠠᠵᠢᠯ ᠤᠨ ᠬᠠᠭᠤᠳᠠᠰᠤ ᠳᠤ ᠪᠣᠳᠠᠲᠠᠶ ᠰᠢᠶᠳᠪᠦᠷᠢᠯᠡᠬᠦ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ᠪᠦᠬᠦ᠋ᠢᠯᠡ ᠪᠣᠯᠪᠠᠰᠤᠷᠠᠯ ᠨᠢ ᠨᠡᠯᠢᠶᠡᠳ ᠴᠢᠩᠭ᠎ᠠ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠳᠠᠭ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠡᠯ᠎ᠡ ᠳᠠᠭᠠᠭᠠᠨ ᠭᠦᠶᠴᠡᠳᠬᠡᠬᠦ  ᠨᠢᠭᠡᠴᠢ ᠶᠢᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠴᠢᠩᠭᠠᠳᠬᠠᠭᠰᠠᠨ ᠢᠶᠠᠷ ᠪᠠᠷᠠᠬᠤ ᠥᠬᠡᠶ᠂ ᠪᠠᠰᠠ ︽12345︾ ᠵᠠᠰᠠᠭ ᠤᠨ ᠣᠷᠳᠣᠨ ᠤ ᠦᠶᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠠᠭᠤᠯᠭ᠎ᠠ᠂ ᠠᠵᠢᠯ ᠤᠨ ᠠᠷᠭ᠎ᠠ ᠪᠠ ᠠᠵᠢᠯ ᠤᠨ ᠭᠤᠤᠯᠳᠠᠯᠭ᠎ᠠ ᠶᠢ ᠲᠣᠳᠣᠷᠬᠠᠶᠢᠯᠠᠵᠤ᠂ ᠮᠠᠨ ᠤ  ᠲᠤᠭᠤᠷᠢᠭ ᠤᠨ ᠭᠦᠶᠴᠡᠳᠬᠡᠬᠦ ᠵᠦᠶᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ︽ᠬᠦᠰᠡᠪᠡᠯ ᠵᠠᠪᠠᠯ ᠬᠠᠷᠢᠭᠤᠯᠬᠤ᠂ ᠠᠰᠠᠭᠤᠯᠲᠠ ᠪᠠᠶᠢᠪᠠᠯ ᠵᠠᠪᠠᠯ ᠬᠠᠷᠢᠭᠤᠯᠬᠤ︾ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠶ ᠦᠶᠯᠡᠳᠦᠯ ᠦᠵᠡᠭᠦᠯᠪᠡ᠃                      ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2