ᠯᠧᠢ ᠹᠧᠩ ᠠᠴᠠ ᠰᠤᠷᠤᠯᠴᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/3/7
 ᠬᠠᠶᠢᠷᠠᠲᠤ ᠵᠠᠯᠠᠭᠤᠴᠤᠳ ᠪᠠᠭᠠᠴᠤᠳ ᠡ᠄        ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ ᠵᠢᠷᠠᠨ ᠵᠢᠯ ᠤᠨ ᠣᠶ ᠶᠢ ᠳᠤᠷᠠᠰᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠢ ᠢᠳᠡᠪᠬᠢᠲᠡᠶ ᠬᠥᠲᠥᠯᠥᠨ ᠵᠢᠯᠣᠭᠤᠳᠴᠤ ᠰᠢᠨ᠎ᠡ ᠴᠠᠭ ᠦᠶ᠎ᠡ ᠳᠤ ᠰᠠᠭᠤᠷᠢᠯᠠᠨ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠳᠡᠯᠡᠨ ᠳᠠᠪᠰᠢᠬᠤ᠂ ᠬᠠᠷᠢᠯᠴᠠᠨ ᠬᠠᠪᠰᠤᠷᠤᠨ ᠬᠠᠷᠢᠯᠴᠠᠨ ᠳᠤᠰᠠᠯᠠᠬᠤ ᠰᠠᠶᠢᠨ ᠰᠠᠶᠢᠬᠠᠨ ᠬᠡᠪ ᠰᠤᠷᠲᠠᠯ ᠢ ᠤᠯᠠᠮ ᠨᠢᠭᠡ ᠠᠯᠬᠤᠮ ᠪᠣᠶ ᠪᠣᠯᠭᠠᠵᠤ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭᠠᠨ ᠤ ᠰᠢᠨ᠎ᠡ ᠥᠷᠨᠢᠯᠲᠡ ᠶᠢ ᠪᠣᠶ ᠪᠣᠯᠭᠠᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠪᠯᠡᠯ ᠤᠨ ᠬᠤᠷᠢᠶ᠎ᠠ ᠂ ᠪᠠᠭᠠᠴᠤᠳ ᠤᠨ ᠠᠵᠢᠯ ᠤᠨ ᠵᠥᠪᠯᠡᠯ ᠬᠠᠮᠲᠤᠷᠠᠨ ᠥᠷᠭᠡᠨ ᠣᠯᠠᠨ ᠵᠠᠯᠠᠭᠤᠴᠤᠳ ᠪᠠᠭᠠᠴᠤᠳ ᠲᠤ ᠳᠤᠤᠷᠠᠬᠢ ᠮᠡᠲᠦ ᠰᠠᠨᠠᠭᠠᠴᠢᠯᠠᠪᠠ᠄       ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠯᠧᠢ ᠹᠧᠩ ᠤᠨ ᠵᠣᠷᠢᠭ ᠰᠠᠨᠠᠭᠠᠨ ᠤ ᠲᠤᠭ ᠮᠠᠨᠳᠤᠭᠤᠯᠤᠭᠴᠢ ᠪᠣᠯᠬᠤ ᠪᠠᠷ ᠴᠢᠷᠮᠠᠶᠢᠭᠠᠷᠠᠢ       ᠯᠸᠢ ᠹᠧᠩ ᠤᠨ ᠵᠣᠷᠢᠭ ᠰᠠᠨᠠᠭ᠎ᠠ ᠪᠣᠯ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠠᠮᠢᠳᠤᠯᠢᠭ ᠢᠯᠡᠷᠡᠯ᠂ ᠴᠠᠭ ᠦᠶ᠎ᠡ ᠶᠢᠨ ᠬᠦᠴᠦᠷᠬᠡᠭ ᠳᠠᠭᠤᠨ᠂ ᠵᠠᠯᠠᠭᠤ ᠨᠠᠰᠤᠨ ᠤ ᠡᠭᠦᠷᠭᠡ ᠮᠥᠨ᠃ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠪᠣᠯᠤᠭᠰᠠᠨ ᠤ ᠬᠤᠪᠢ ᠳᠤ᠂ ᠪᠢᠳᠡ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠨᠠᠮ ᠪᠠ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠬᠤ ᠶᠢ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠪᠠ ᠥᠷᠲᠡᠭ ᠤᠨ ᠬᠥᠭᠡᠭᠡᠴᠡᠯᠳᠦᠯ ᠪᠣᠯᠭᠠᠵᠤ᠂ ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠵᠤ᠂ ᠰᠢᠨ᠎ᠡ ᠴᠠᠭ ᠦᠶ᠎ᠡ ᠶᠢᠨ ᠰᠢᠯᠢᠳᠡᠭ ᠵᠠᠯᠠᠭᠤᠴᠤᠳ ᠪᠠᠭᠠᠴᠤᠳ ᠪᠣᠯᠬᠤ ᠪᠠᠷ ᠴᠢᠷᠮᠠᠶᠢᠬᠤ ᠬᠡᠷᠡᠭᠲᠡᠶ᠃        ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠵᠤ᠂ ᠯᠧᠢ ᠹᠧᠩ ᠤᠨ ᠵᠣᠷᠢᠭ ᠰᠠᠨᠠᠭᠠᠨ ᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠭᠠᠷᠠᠢ          ᠬᠠᠯᠠᠭᠤᠨ ᠰᠡᠳᠬᠢᠯᠭᠡ ᠡᠪᠦᠷᠯᠡᠨ ᠬᠡᠷᠡᠯ ᠭᠢᠯᠪᠠᠭ᠎ᠠ ᠰᠠᠴᠤᠷᠠᠭᠤᠯᠵᠤ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠰᠤᠷᠭᠠᠭᠤᠯᠢ ᠳᠤ ᠭᠦᠨᠵᠡᠭᠡᠶᠢᠷᠡᠨ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠦᠲᠦᠭᠡᠯᠴᠢ ᠬᠦᠴᠦᠨ ᠪᠣᠯᠤᠨ ᠨᠥᠯᠥᠭᠡᠯᠡᠬᠦ ᠬᠦᠴᠦᠨ ᠢ ᠪᠠᠳᠠᠷᠠᠭᠤᠯᠵᠤ᠂ ᠨᠡᠶᠢᠭᠡᠮ ᠳᠤ ᠬᠠᠯᠠᠭᠤᠨ ᠳᠤᠯᠠᠭᠠᠨ ᠢ ᠳᠠᠮᠵᠢᠭᠤᠯᠤᠨ ᠬᠠᠶᠢᠷ᠎ᠠ ᠬᠠᠯᠠᠮᠵᠢ ᠭᠦᠷᠲᠡᠭᠡᠵᠦ᠂ ᠬᠥᠮᠦᠨ ᠨᠢᠭᠡ ᠪᠦᠷᠢ ᠶᠢᠨ ᠬᠦᠴᠦᠨ ᠴᠢᠳᠠᠯ ᠢ ᠠᠤᠭ᠎ᠠ ᠶᠡᠭᠡ ᠬᠦᠴᠦᠨ ᠴᠢᠳᠠᠯ ᠪᠠ ᠬᠠᠶᠢᠷ᠎ᠠ ᠬᠠᠯᠠᠮᠵᠢ ᠪᠣᠯᠭᠠᠨ ᠨᠢᠭᠲᠠᠷᠠᠭᠤᠯᠤᠨ᠎ᠠ᠃         ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠳᠡᠪᠬᠢ ᠬᠦᠴᠦᠨ ᠤ ᠳᠠᠮᠵᠢᠭᠤᠯᠤᠭᠴᠢ ᠪᠣᠯᠬᠤ ᠪᠠᠷ ᠴᠢᠷᠮᠠᠶᠢᠭᠠᠷᠠᠢ         ᠬᠠᠶᠢᠷ᠎ᠠ ᠬᠠᠯᠠᠮᠵᠢᠲᠤ ᠰᠤᠷᠤᠯᠭ᠎ᠠ ᠶᠢ ᠳᠡᠳᠬᠦᠬᠦ᠂ ᠨᠠᠰᠤᠲᠠᠶᠢᠴᠤᠳ ᠢ ᠬᠦᠨᠳᠦᠯᠡᠵᠦ ᠵᠡᠮᠳᠡᠭᠴᠦᠳ ᠢ ᠲᠤᠰᠠᠯᠠᠬᠤ ᠵᠡᠷᠭᠡ ᠠᠵᠢᠯᠯᠠᠭ᠎ᠠ ᠳᠤ ᠬᠠᠯᠠᠭᠤᠨ ᠰᠡᠳᠬᠢᠯᠭᠡ ᠪᠠᠷ ᠣᠷᠣᠯᠴᠠᠵᠤ᠂ ᠥᠨᠥᠴᠢᠨ ᠵᠡᠮᠳᠡᠭ ᠬᠡᠦᠬᠡᠳ᠂ ᠬᠡᠷ ᠲᠤ ᠪᠠᠨ ᠬᠤᠴᠣᠷᠤᠭᠰᠠᠨ ᠨᠠᠰᠤᠲᠠᠨ ᠵᠡᠷᠭᠡ ᠬᠦᠴᠢᠷᠳᠡᠯᠲᠡᠶ ᠬᠥᠮᠦᠰ ᠲᠤ ᠠᠮᠢᠳᠤᠷᠠᠯ ᠤᠨ ᠬᠠᠷᠠᠭᠠᠯᠵᠠᠯ᠂ ᠡᠮ ᠡᠮᠨᠡᠯᠭᠡ ᠡᠷᠡᠭᠦᠯᠵᠢᠯ᠂ ᠲᠥᠷᠥᠯ ᠰᠠᠳᠤᠨ ᠤ ᠬᠠᠶᠢᠷ᠎ᠠ ᠬᠠᠯᠠᠮᠵᠢ ᠵᠡᠷᠭᠡ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠬᠠᠩᠭᠠᠵᠤ᠂ ᠰᠠᠨᠠᠭᠠᠴᠢᠯᠠᠭ᠎ᠠ ᠠᠴᠠ ᠪᠠᠨ ᠪᠤᠰᠤᠳ ᠢ ᠬᠠᠯᠠᠮᠵᠢᠯᠠᠨ ᠬᠠᠶᠢᠷᠠᠯᠠᠵᠤ᠂ ᠨᠡᠶᠢᠭᠡᠮ ᠢ ᠬᠠᠯᠠᠮᠵᠢᠯᠠᠨ ᠬᠠᠶᠢᠷᠠᠯᠠᠵᠤ᠂ ᠯᠸᠢ ᠹᠧᠩ ᠤᠨ ᠠᠷᠠᠳ ᠲᠦᠮᠡᠨ ᠳᠤ ᠦᠢᠯᠡᠴᠢᠯᠡᠬᠦ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠯᠬᠦᠮᠳᠡᠨ ᠨᠥᠬᠦᠷᠯᠡᠬᠦ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ᠂ ᠦᠨᠡᠨ ᠶᠣᠰᠣᠨ ᠤ ᠲᠥᠯᠥᠭᠡ ᠡᠷᠡᠮᠡᠬᠡᠶᠢᠯᠡᠨ ᠲᠡᠮᠡᠴᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢ ᠪᠣᠳᠠᠲᠤ ᠠᠵᠢᠯᠯᠠᠭ᠎ᠠ ᠪᠠᠷ ᠠᠬᠢᠭᠤᠯᠤᠨ᠎ᠠ᠃       ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ ᠤᠨ ᠰᠠᠨᠠᠭᠠᠴᠢᠯᠠᠭᠴᠢ ᠪᠣᠯᠬᠤ ᠪᠠᠷ ᠴᠢᠷᠮᠠᠶᠢᠭᠠᠷᠠᠢ        ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠲᠦᠭ ᠲᠦᠮᠡᠨ ︽ᠯᠧᠢ ᠹᠧᠩ︾ ᠪᠠ ᠭᠠᠵᠠᠷ ᠰᠠᠢ ᠦᠭᠡᠢ ᠯᠧᠢ ᠹᠧᠩ ᠤᠨ ᠵᠣᠷᠢᠭ ᠰᠠᠨᠠᠭ᠎ᠠ ᠶᠢ ᠱᠠᠭᠠᠷᠳᠠᠨ᠎ᠠ᠃ ᠵᠠᠯᠠᠭᠤᠴᠤᠳ ᠪᠠᠭᠠᠴᠤᠳ ᠪᠣᠯᠪᠠᠰᠤᠨ ᠢ ᠴᠠᠭ ᠢᠮᠠᠭᠲᠠ ᠰᠡᠳᠬᠢᠯ ᠳᠤ ᠪᠠᠨ ᠪᠠᠲᠤ ᠴᠡᠭᠡᠵᠢᠯᠡᠵᠦ᠂ ᠪᠣᠯᠪᠠᠰᠤᠨ ᠦᠭᠡ ᠶᠠᠷᠢᠶ᠎ᠠ᠂ ᠪᠣᠯᠪᠠᠰᠤᠨ ᠦᠢᠯᠡ ᠠᠵᠢᠯᠯᠠᠭ᠎ᠠ᠂ ᠪᠣᠯᠪᠠᠰᠤᠨ ᠰᠦᠯᠵᠢᠶ᠎ᠡ ᠶᠢ ᠪᠡᠶᠡᠯᠡᠭᠦᠯᠵᠦ᠂ ᠪᠣᠯᠪᠠᠰᠤᠨ ᠤ ᠨᠡᠶᠢᠲᠡ ᠶᠢᠨ ᠭᠡᠷ᠎ᠡ ᠶᠢ ᠤᠬᠠᠮᠰᠠᠷ ᠠᠴᠠ ᠪᠠᠨ ᠵᠢᠷᠤᠮᠯᠠᠵᠤ᠂ ᠵᠠᠮ ᠬᠠᠷᠢᠯᠴᠠᠭᠠᠨ ᠤ ᠳᠦᠷᠢᠮ ᠢ ᠤᠬᠠᠮᠰᠠᠷ ᠠᠴᠠ ᠪᠠᠨ ᠵᠢᠷᠤᠮᠯᠠᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ︽ᠠᠷᠪᠢᠯᠠᠨ ᠭᠠᠮᠨᠠᠬᠤ ᠠᠵᠢᠯᠯᠠᠭ᠎ᠠ︾᠎ ᠶᠢ ᠦᠢᠯᠡᠳᠦᠯᠭᠡᠵᠢᠭᠦᠯᠵᠦ᠂ ᠥᠪᠡᠷ ᠤᠨ ᠵᠢᠱᠢᠶᠡᠴᠢ ᠦᠢᠯᠡ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ ᠵᠣᠷᠢᠭᠵᠢᠭᠤᠯᠤᠨ ᠳᠠᠶᠢᠴᠢᠯᠠᠵᠤ᠂ ᠰᠤᠷᠤᠭᠴᠢᠳ ᠤᠨ ᠬᠤᠭᠤᠷᠣᠨᠳᠣ ᠪᠠᠨ ᠡᠶ᠎ᠡ ᠨᠠᠶᠢᠷᠲᠠᠢ ᠪᠠᠷ ᠬᠠᠮᠲᠤ ᠣᠷᠣᠰᠢᠬᠤ ᠶᠢ ᠰᠠᠨᠠᠭᠠᠴᠢᠯᠠᠵᠤ᠂ ᠨᠥᠬᠦᠷᠰᠡᠭ ᠬᠠᠶᠢᠷ᠎ᠠ ᠶᠢ ᠳᠠᠮᠵᠢᠭᠤᠯᠤᠭᠰᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠬᠠᠮᠲᠤ ᠪᠠᠷ ᠪᠤᠢ ᠪᠣᠯᠭᠠᠬᠤ ᠬᠡᠷᠡᠭᠲᠡᠢ᠃        ᠯᠧᠢ ᠹᠧᠩ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠰᠤᠷᠤᠯᠴᠠᠨᠠᠮ︔ ᠬᠠᠶᠢᠷ᠎ᠠ ᠬᠠᠯᠠᠮᠵᠢᠲᠤ ᠠᠵᠢᠯᠯᠠᠭ᠎ᠠ ᠭᠠᠵᠠᠷ ᠰᠠᠢ ᠦᠭᠡᠢ ᠲᠦᠭᠡᠨᠡᠮ᠃ ᠥᠷᠭᠡᠨ ᠣᠯᠠᠨ ᠵᠠᠯᠠᠭᠤᠴᠤᠳ ᠪᠠᠭᠠᠴᠤᠳ ᠴᠠᠭ ᠢᠮᠠᠭᠲᠠ ᠯᠧᠢ ᠹᠧᠩ ᠤᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ ᠢᠳᠡᠪᠬᠢᠲᠡᠶ ᠬᠥᠳᠡᠯᠦᠯᠴᠡᠵᠦ᠂ ᠠᠮᠢᠳᠤᠷᠠᠯ ᠤᠨ ᠡᠭᠡᠯ ᠵᠢᠷ ᠤᠨ ᠤᠴᠢᠷ ᠠᠴᠠ ᠭᠠᠷᠳᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠬᠠᠯᠠᠭᠤᠨ ᠳᠤᠯᠠᠭᠠᠨ ᠢ ᠭᠦᠷᠲᠡᠭᠡᠵᠦ᠂ ᠭᠠᠯ ᠵᠠᠯᠠᠭᠤ ᠨᠠᠰᠤᠨ ᠳᠤ ᠪᠠᠨ ︽ᠰᠠᠶᠢᠨ ᠳᠤᠷ᠎ᠠ ᠶᠢᠨ︾ ᠭᠡᠬᠦ ᠥᠩᠭᠡ ᠪᠤᠳᠤᠭ ᠢ ᠨᠡᠮᠡᠷᠢᠯᠡᠨ᠂ ᠰᠢᠨ᠎ᠡ ᠴᠠᠭ ᠦᠶ᠎ᠡ ᠶᠢᠨ ᠯᠧᠢ ᠹᠧᠩ ᠤᠨ ᠥᠯᠢᠭᠡᠷ ᠢ ᠪᠣᠳᠠᠲᠤ ᠠᠵᠢᠯᠯᠠᠭ᠎ᠠ ᠪᠠᠷ ᠢᠶᠠᠨ ᠪᠢᠴᠢᠭᠯᠡᠬᠦ ᠶᠢ ᠬᠦᠰᠡᠵᠦ ᠪᠠᠶᠢᠨ᠎ᠠ︕  ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ 
 
ᠢᠷᠡᠯᠲᠡ᠄ ᠦᠪᠦᠷ ᠮᠤᠡᠭᠭᠤᠯ ᠤᠨ ᠰᠤᠷᠭᠠᠨ ᠬᠦᠮᠦᠵᠢᠯ ᠦᠨ ᠲᠢᠡᠭᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2