ᠵᠢᠨᠢᠩ ᠲᠣᠭᠤᠷᠢᠭ ᠲᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠲᠥᠪᠯᠡᠷᠡᠭᠦᠯᠦᠨ ᠭᠡᠷ᠎ᠡ ᠲᠣᠭᠲᠠᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2023/3/7
705470.jpg
     3 ᠰᠠᠷ᠎ᠠ ᠶᠢᠨ 7᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠬᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠲᠥᠪᠯᠡᠷᠡᠭᠦᠯᠦᠨ ᠭᠡᠷ᠎ᠡ ᠲᠣᠭᠲᠠᠬᠤ ᠶᠡᠭᠡ ᠬᠤᠷᠠᠯ ᠬᠢᠵᠦ᠂ ᠲᠤᠬᠠᠢ ᠶᠢᠨ ᠲᠠᠯᠠᠪᠠᠢ ᠶᠢᠨ 20 ᠲᠦᠷᠦᠯ ᠵᠦᠢᠯ ᠲᠥᠪᠯᠡᠷᠡᠭᠦᠯᠦᠨ ᠭᠡᠷ᠎ᠡ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠶᠢᠨ ᠬᠡᠮᠵᠢᠶ᠎ᠡ 211 ᠳ᠋ᠦᠩᠰᠢᠭᠤᠷ ᠲᠥᠭᠦᠷᠢᠭ ᠲᠤ ᠬᠦᠷᠴᠦ᠂ ᠡᠨᠧᠷᠭᠢ᠂ ᠮᠠᠲ᠋ᠧᠷᠢᠶᠠᠯ᠂ ᠠᠷᠠᠯᠵᠢᠶ᠎ᠠ ᠬᠤᠳᠠᠯᠳᠤᠭ᠎ᠠ᠂ ᠰᠤᠷᠭᠠᠨ ᠬᠥᠮᠦᠵᠢᠯ ᠵᠡᠷᠭᠡ ᠤᠯᠠᠨ  ᠬᠦᠷᠢᠶ᠎ᠡ ᠶᠢ ᠬᠠᠮᠤᠷᠴᠤ᠂ 2023 ᠣᠨ ᠤ ᠠᠩᠬᠠᠨ ᠤ ᠠᠷᠠᠯᠵᠢᠶᠠᠴᠢᠨ ᠤᠷᠢᠬᠤ ᠬᠢᠷᠢ ᠪᠦᠲᠦᠮᠵᠢ ᠶᠢᠨ ᠬᠠᠭᠤᠳᠠᠰᠤ ᠶᠢ ᠲᠤᠰᠢᠶᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ︽ᠰᠠᠶᠢᠨ ᠡᠬᠢᠯᠡᠯᠲᠡ︾᠎ ᠶᠢ ᠪᠡᠶᠡᠯᠡᠭᠦᠯᠵᠡᠢ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᡁᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠴᠢᠶᠠᠨ ᠪᠢᠨ᠂ ᠵᠠᠩ ᠷᠦᠢ ᠪᠢᠨ᠂ ᠰᠢᠤᠢ ᠯᠦᠩ᠂ ᠲᠦᠩ ᠢ ᠵᠡᠷᠭᠡ ᠬᠤᠲᠠ᠂ ᠲᠣᠭᠤᠷᠢᠭ ᠤᠨ ᠤᠳᠤᠷᠢᠳᠤᠯᠭ᠎ᠠ ᠪᠠ 77 ᠠᠵᠤ ᠠᠬᠤᠶᠢᠯᠠᠯ ᠤᠨ ᠲᠥᠯᠥᠭᠡᠯᠡᠭᠴᠢ ᠶᠡᠭᠡ ᠬᠤᠷᠠᠯ ᠳᠤ ᠣᠷᠣᠯᠴᠠᠪᠠ᠃     ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠶᠡᠭᠡ ᠬᠤᠷᠠᠯ ᠢ ᠡᠷᠬᠢᠯᠡᠪᠡ᠃      ᠵᠠᠩ ᠶᠦᠩ ᠸᠧᠨ ᠪᠠᠶᠠᠷ ᠤᠨ ᠦᠭᠡ ᠳᠡᠭᠡᠨ᠂ ᠲᠦᠷᠦᠯ ᠵᠦᠢᠯ ᠤᠨ ᠭᠡᠷ᠎ᠡ ᠲᠣᠭᠲᠠᠬᠤ ᠪᠣᠯ ᠵᠥᠪᠬᠡᠨ ᠡᠬᠢᠯᠡᠯᠲᠡ ᠪᠣᠯᠤᠨ᠎ᠠ᠂ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠪᠣᠯ ᠰᠠᠶ᠋ᠢ ᠵᠠᠩᠭᠢᠯᠠᠭ᠎ᠠ ᠪᠣᠯᠤᠨ᠎ᠠ᠃ ᠡᠯ᠎ᠡ ᠠᠵᠤ ᠠᠬᠤᠶᠢᠯᠠᠯ ᠤᠨ ᠬᠢᠨ ᠲᠤᠰ ᠤᠳᠠᠭ᠎ᠠ ᠶᠢᠨ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠥᠨᠳᠥᠷ ᠭᠠᠷᠤᠭ᠎ᠠ ᠲᠠᠢ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ᠂ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠬᠤ ᠶᠢ ᠪᠠᠷᠢᠮᠲᠠᠯᠠᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ  ᠵᠢᠭᠠᠪᠠ ᠃ ᠵᠢᠨᠢᠩ ᠲᠣᠭᠤᠷᠢᠭ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ︽ᠬᠤᠳᠠᠯᠳᠤᠭ᠎ᠠ ᠶᠢ ᠣᠶᠢᠯᠠᠭᠠᠵᠤ ᠬᠤᠳᠠᠯᠳᠤᠭ᠎ᠠ ᠶᠢ ᠬᠠᠶᠢᠷᠠᠯᠠᠵᠤ ᠬᠤᠳᠠᠯᠳᠤᠭ᠎ᠠ ᠶᠢ ᠪᠠᠶᠠᠵᠢᠭᠤᠯᠬᠤ︾ ᠤᠶᠢᠯᠠᠭᠠᠭᠳᠠᠬᠤᠨ ᠢ ᠪᠠᠷᠢᠮᠲᠠᠯᠠᠵᠤ᠂ ᠠᠵᠤ ᠠᠬᠤᠶᠢᠯᠠᠯᠲᠠᠨ ᠢ ︽ᠥᠪᠡᠷ ᠤᠨ ᠬᠥᠮᠦᠨ︾ ᠪᠣᠯᠭᠠᠵᠤ᠂ ᠠᠵᠤ ᠠᠬᠤᠶᠢᠯᠠᠯ ᠤᠨ ᠶᠠᠪᠤᠳᠠᠯ ᠢ ︽ᠥᠪᠡᠷ ᠤᠨ ᠶᠠᠪᠤᠳᠠᠯ︾ ᠪᠣᠯᠭᠠᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠠᠮᠤᠭ ᠤᠨ ᠶᠡᠭᠡ ᠲᠦᠬᠦᠮ ᠦᠵᠡᠭᠦᠯᠦᠨ᠎ᠡ ᠭᠡᠵᠡᠢ᠃    ᠶᠡᠭᠡ ᠬᠤᠷᠠᠯ ᠤᠨ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠭᠰᠠᠳ ᠬᠠᠮᠲᠤ ᠪᠠᠷ  ᠬᠤᠳᠠ ᠶᠢᠨ ᠤᠬᠠᠭᠤᠯᠭ᠎ᠠ ᠶᠢᠨ ᠹᠢᠯᠢᠮ ᠢ ᠰᠣᠨᠢᠷᠬᠠᠵᠠᠢ᠃ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶᠠᠨ ᠤ ᠳᠠᠷᠤᠭ᠎ᠠ ᠵᠠᠩ ᠷᠦᠢ ᠪᠢᠨ ᠪᠠᠶᠠᠷ ᠤᠨ ᠦᠭᠡ ᠬᠡᠯᠡᠵᠡᠶ ᠃  ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠭᠤᠸᠠᠩ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠬᠢᠪᠡ ᠃ ᠥᠪᠥᠷ ᠮᠣᠩᠭᠤᠯ ᠤᠨ ᠹᠦ᠋ ᠷᠦᠢ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠧᠩ ᠲᠠᠢ ᠢ ᠳ᠋ᠡ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠲᠠ ᠶᠢᠨ ᠨᠠᠨ ᠳ᠋ᠠ ᠬᠡᠷᠡᠯ ᠴᠠᠬᠢᠯᠭᠠᠨ ᠤ ᠪᠢᠴᠢᠯ ᠡᠯᠧᠺᠲᠷᠣᠨ ᠤ ᠬᠢᠵᠠᠭᠠᠷᠲᠤ ᠺᠣᠮᠫᠠᠨᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠵᠤ ᠦᠭᠡ ᠬᠡᠯᠡᠪᠡ᠃     ᠳᠠᠷᠠᠭ᠎ᠠ ᠨᠢ᠂  ᠲᠤᠭᠤᠷᠢᠭ ᠤᠨ  ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠶᠦᠩ᠂ ᠱᠢ ᠭᠤᠸᠠᠩ᠂ ᠯᠢ ᠯᠢᠨ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ 20 ᠠᠵᠤ ᠠᠬᠤᠶᠢᠯᠠᠯ ᠲᠠᠢ ᠲᠥᠪᠯᠡᠷᠡᠭᠦᠯᠦᠨ ᠭᠡᠷ᠎ᠡ ᠲᠣᠭᠲᠠᠵᠠᠢ᠃     ᠲᠦᠮᠡᠨ ᠭᠠᠵᠠᠷ ᠤᠨ ᠠᠶᠠᠨ ᠵᠠᠮ ᠳᠤ ᠡᠷᠴᠢ ᠵᠣᠷᠢᠭ ᠢᠶᠠᠨ ᠬᠥᠪᠴᠢᠯᠡᠵᠦ᠂ ᠬᠦᠨᠳᠦ ᠡᠭᠦᠷᠭᠡ ᠶᠢ ᠪᠡᠶᠡᠯᠡᠭᠦᠯᠬᠦ ᠳᠤ ᠡᠷᠬᠡᠪᠰᠢ ᠡᠷᠡᠯᠬᠡᠭᠯᠡᠨ ᠲᠡᠮᠡᠴᠡᠬᠦ ᠬᠡᠷᠡᠭᠲᠡᠢ᠃ ᠲᠣᠰ ᠤᠳᠠᠭ᠎ᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠳᠤ ᠲᠥᠪᠯᠡᠷᠡᠭᠦᠯᠦᠨ ᠭᠡᠷ᠎ᠡ ᠲᠣᠭᠲᠠᠭᠰᠠᠨ ᠶᠠᠪᠤᠳᠠᠯ ᠨᠢ 2023 ᠣᠨ ᠤ ᠵᠢᠨᠢᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠦᠷ᠎ᠡ ᠪᠦᠲᠦᠭᠡᠯ ᠢ ᠬᠠᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠴᠤ ᠪᠥᠬᠦ  ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠪᠣᠯᠤᠨ᠎ᠠ᠃ ᠳᠠᠷᠠᠭᠠᠴᠢ ᠶᠢᠨ ᠠᠯᠬᠤᠮ ᠳᠤ ᠂ ᠵᠢᠨᠢᠩ ᠲᠣᠭᠤᠷᠢᠭ ᠤᠨ ᠬᠢᠨ ︽ᠬᠥᠭᠵᠢᠯᠲᠡ ᠪᠠᠷ ᠭᠤᠣᠯ ᠪᠣᠯᠭᠠᠬᠤ᠂ ᠲᠦᠷᠦᠯ ᠵᠦᠢᠯ ᠢᠶᠠᠷ ᠭᠤᠣᠯ ᠪᠣᠯᠭᠠᠬᠤ᠂ ᠪᠣᠳᠠᠲᠠᠢ ᠠᠵᠢᠯᠯᠠᠬᠤ ᠪᠠᠷ ᠭᠤᠣᠯ ᠪᠣᠯᠭᠠᠬᠤ︾ ᠢᠯᠡ ᠲᠣᠳᠣ ᠤᠳᠤᠷᠢᠳᠤᠮᠵᠢ ᠶᠢ ᠦᠷᠭᠦᠯᠵᠢᠯᠡᠨ ᠪᠠᠲᠤ ᠪᠤᠢ ᠪᠣᠯᠭᠠᠵᠤ᠂ ᠲᠦᠷᠦᠯ ᠵᠦᠢᠯ ᠢᠶᠠᠷ ᠳᠠᠶᠢᠴᠢᠯᠠᠬᠤ᠂ ᠪᠡᠯᠡ ᠣᠷᠣᠭᠤᠯᠤᠯᠲᠠ ᠪᠠᠷ ᠳᠠᠶᠢᠴᠢᠯᠠᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠳᠡᠰ ᠳᠠᠪᠬᠤᠷᠭ᠎ᠠ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠭᠤᠣᠯᠳᠠᠯᠭ᠎ᠠ ᠲᠠᠢ ᠲᠦᠷᠦᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠵᠢᠨᠢᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠶᠢᠨ ᠡᠷᠡᠯᠬᠡᠭᠯᠡᠨ ᠤᠷᠤᠭᠰᠢᠯᠠᠬᠤ ᠬᠠᠮᠤᠭ ᠤᠨ ᠬᠦᠴᠦᠷᠬᠡᠭ ᠳᠠᠭᠤᠨ ᠢ ᠲᠠᠰᠤᠷᠠᠯᠲᠠ ᠦᠭᠡᠢ ᠬᠠᠩᠭᠢᠨᠠᠭᠤᠯᠤᠨ᠎ᠠ︕    ᠬᠦᠯᠦᠭ ᠬᠠᠮ ᠵᠠᠭᠤᠴᠢᠯᠠᠭᠤᠷ᠂ ᠥᠪᠥᠷ ᠮᠣᠩᠭᠤᠯ ᠤᠨ ᠡᠳᠦᠷ ᠤᠨ ᠰᠣᠨᠢᠨ ᠤ  ᠬᠤᠷᠢᠶ᠎ᠠ᠂ ᠤᠯᠠᠭᠠᠨᠴᠠᠪ ᠬᠤᠳᠠ ᠶᠢᠨ ᠬᠠᠮ ᠵᠠᠭᠤᠴᠢᠯᠠᠭᠤᠷ᠂ ᠵᠢᠨᠢᠩ ᠤᠨ ᠬᠠᠮ ᠵᠠᠭᠤᠴᠢᠯᠠᠭᠤᠷ ᠤᠨ ᠬᠢᠨ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠪᠦᠬᠦ ᠶᠠᠪᠤᠴᠠ ᠪᠠᠷ ᠰᠢᠭᠤᠳ ᠨᠡᠪᠲᠡᠷᠡᠭᠦᠯᠵᠦ᠂ ᠪᠦᠬᠦ ᠲᠠᠯ᠎ᠠ ᠪᠠᠷ ᠰᠤᠷᠪᠤᠯᠵᠢᠯᠠᠨ ᠮᠡᠳᠡᠭᠡᠯᠡᠪᠡ᠃                             ᠵᠢᠷᠤᠭ᠄ ᠭᠦᠸᠧ ᠸᠧᠨ ᠵᠢᠶᠧ                             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2