ᠴᠢᠤᠸᠠᠨ ᠱᠠᠨ ᠵᠡᠭᠡᠯᠢ ᠭᠤᠳᠤᠮᠵᠢ ᠶᠢᠨ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠥᠷᠲᠡᠭᠡ ᠣᠨᠴᠠᠭᠠᠶ ᠴᠡᠷᠢᠭ ᠠᠴᠠ ᠬᠠᠯᠠᠭᠳᠠᠭᠰᠠᠳ ᠤᠨ ᠬᠡᠷ ᠲᠤᠨᠢ ᠬᠦᠷᠴᠦ ᠬᠠᠷᠠᠭᠠᠯᠵᠠᠯ ᠤᠨ ᠦᠨᠡᠮᠯᠡᠯ ᠭᠦᠶᠴᠡᠳᠬᠡᠬᠦ ᠪᠠᠷ ᠪᠣᠶ
ᠨᠡᠶᠢᠲᠡᠯᠡᠭᠰᠡᠨ ᠴᠠᠭ᠄
2023/3/7
    ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠠᠷᠭ᠎ᠠ ᠬᠡᠮᠵᠢᠶ᠎ᠡ ᠪᠠ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠪᠣᠲᠠᠲᠠᠶᠢᠵᠢᠭᠤᠯᠤᠨ ᠨᠠᠷᠢᠯᠢᠭᠵᠢᠭᠤᠯᠬᠤ ᠶᠢᠨ ᠲᠥᠯᠥᠭᠡ᠂ ᠬᠠᠷᠢᠶᠠᠲᠤ ᠣᠷᠣᠨ ᠤ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠴᠢᠤᠸᠠᠨ ᠱᠠᠨ ᠵᠡᠭᠡᠯᠢ ᠭᠤᠳᠤᠮᠵᠢ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠶᠯᠡᠴᠢᠯᠡᠭᠡᠨ ᠤ ᠥᠷᠲᠡᠭᠡ ᠨᠢ ᠣᠨᠴᠠᠭᠠᠶ ᠬᠠᠮᠲᠤᠯᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠲᠤ ︽ᠬᠡᠷ ᠲᠤᠨᠢ ᠬᠦᠷᠴᠦ ᠭᠤᠶᠤᠴᠢᠯᠠᠨ ᠮᠡᠳᠡᠭᠦᠯᠵᠦ ᠭᠦᠶᠴᠡᠳᠬᠡᠬᠦ︾ ᠦᠶᠯᠡᠴᠢᠯᠡᠭᠡᠨ ᠤ ᠠᠵᠢᠯ ᠢ ᠥᠷᠨᠢᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠷᠠᠭᠠᠯᠵᠠᠯ ᠤᠨ ᠦᠨᠡᠮᠯᠡᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ  ᠶᠠᠪᠤᠭᠳᠠᠭᠤᠯᠤᠭᠰᠠᠨ ᠪᠠᠶᠢᠨ᠎ᠠ᠃    ᠲᠣᠰ ᠤᠳᠠᠭᠠᠨ ᠤ ᠠᠵᠢᠯ ᠨᠢ ᠤᠷᠢᠳᠴᠢᠯᠠᠨ ᠪᠣᠯᠵᠣᠵᠤ ᠴᠡᠷᠢᠭ ᠠᠴᠠ ᠬᠠᠯᠠᠭᠳᠠᠭᠰᠠᠳ ᠤᠨ ᠬᠡᠷ ᠲᠤᠨᠢ ᠬᠦᠷᠴᠦ ᠰᠡᠭᠦᠳᠡᠷ ᠲᠠᠲᠠᠬᠤ᠂ ᠴᠤᠭᠯᠠᠭᠤᠯᠬᠤ᠂ ᠳᠠᠩᠰᠠᠯᠠᠬᠤ᠂ ᠪᠢᠴᠢᠵᠦ ᠣᠷᠣᠭᠤᠯᠬᠤ ᠵᠡᠷᠭᠡ ᠪᠠᠷ ᠳᠠᠮᠵᠢᠭᠤᠯᠤᠨ ᠭᠤᠶᠤᠴᠢᠯᠠᠨ ᠠᠪᠬᠤ ᠭᠠᠷ ᠭᠦᠶᠴᠡᠳᠬᠡᠯ ᠬᠢᠵᠦ᠂ ᠴᠡᠷᠢᠭ ᠠᠴᠠ ᠬᠠᠯᠠᠭᠳᠠᠭᠰᠠᠳ ᠲᠤ ᠦᠶᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠵᠡᠶ᠃ ᠬᠠᠷᠢᠶᠠᠲᠤ ᠣᠷᠣᠨ ᠤ ᠴᠡᠷᠢᠭ ᠠᠴᠠ ᠬᠠᠯᠠᠭᠳᠠᠭᠰᠠᠳ ᠤᠨ ︽ᠪᠣᠳᠠᠲᠠᠶ ᠠᠵᠢᠯ ᠬᠢᠵᠦ᠂ ᠬᠦᠴᠢᠷ ᠠᠰᠠᠭᠤᠳᠠᠯ ᠢ ᠰᠢᠶᠳᠪᠦᠷᠢᠯᠡᠬᠦ︾ ᠦᠶᠯᠡᠴᠢᠯᠡᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠨᠠᠩ ᠴᠤ ᠬᠤᠶᠢᠰᠢᠳᠠ ᠶᠢᠨ ᠬᠠᠷᠠᠭᠠᠯᠵᠠᠯ ᠤᠨ ᠦᠨᠡᠮᠯᠡᠯ ᠢ ᠭᠦᠶᠴᠡᠳᠬᠡᠬᠦ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠴᠢᠤᠸᠠᠨ ᠱᠠᠨ ᠵᠡᠭᠡᠯᠢ ᠭᠤᠳᠤᠮᠵᠢ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠦᠢᠯᠡᠴᠢᠯᠡᠭᠡᠨ ᠤ ᠬᠦᠷᠢᠶ᠎ᠡ ᠬᠡᠪᠴᠢᠶ᠎ᠡ  ᠪᠠᠨ ᠦᠷᠭᠦᠯᠵᠢᠯᠡᠨ ᠥᠷᠭᠡᠳᠬᠡᠵᠦ᠂ ᠬᠠᠷᠠᠭᠠᠯᠵᠠᠯ ᠤᠨ ᠳᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠲᠦᠭᠡᠮᠡᠯᠵᠢᠭᠦᠯᠵᠦ᠂  ᠨᠠᠷᠢᠯᠢᠭ ᠣᠨᠣᠪᠴᠢᠲᠠᠢ ᠦᠢᠯᠡᠴᠢᠯᠡᠭᠡ ᠬᠠᠩᠭᠠᠵᠤ᠂ ︽ᠬᠠᠷᠢᠭᠤᠴᠠᠯᠭ᠎ᠠ ᠡᠭᠦᠷᠭᠡᠯᠡᠵᠦ᠂ ᠬᠤᠪᠢ ᠨᠡᠮᠡᠷᠢ ᠦᠵᠡᠭᠦᠯᠬᠦ︾ ᠠᠵᠢᠯ ᠤᠨ ᠰᠤᠷᠲᠠᠯ ᠢᠶᠠᠷ ᠴᠡᠷᠢᠭ ᠠᠴᠠ ᠬᠠᠯᠠᠭᠳᠠᠭᠰᠠᠳ ᠨᠢᠭᠡᠪᠦᠷᠢ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠳᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠳᠦᠷᠦᠭᠳᠡᠯ᠂ ᠬᠦᠨᠳᠦᠳᠬᠡᠯ ᠤᠨ ᠳᠦᠷᠦᠭᠳᠡᠯ᠂ ᠵᠢᠷᠭᠠᠯᠲᠤ ᠳᠦᠷᠦᠭᠳᠡᠯ᠂ ᠬᠠᠷᠢᠶᠠᠯᠠᠭᠳᠠᠬᠤ ᠳᠦᠷᠦᠭᠳᠡᠯ ᠢ ᠭᠦᠢᠴᠡᠳ ᠳᠡᠭᠡᠭᠰᠢᠯᠡᠭᠦᠯᠦᠨ᠎ᠡ᠃                           ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2