ᠴᠠᠩ ᠴᠢᠩ ᠵᠡᠭᠡᠯᠢ ᠭᠤᠳᠤᠮᠵᠢ  ᠨᠠᠰᠤᠨ ᠳᠤ ᠥᠯᠥ ᠭᠦᠷᠦᠭᠰᠡᠳ ᠤᠨ ︽ᠯᠸᠢ ᠹᠧᠩ ᠠᠴᠠ ᠰᠤᠷᠤᠯᠴᠠᠬᠤ︾ ᠭᠤᠤᠯ ᠰᠡᠳᠦᠪᠲᠦ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/7
    ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠭᠦᠨᠵᠡᠭᠡᠶ ᠦᠢᠯᠡᠳᠦᠯᠭᠡᠵᠢᠭᠦᠯᠵᠦ᠂ ᠯᠧᠢ ᠹᠧᠩ ᠠᠴᠠ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠂ 3 ᠰᠠᠷ᠎ᠠ ᠶᠢᠨ 5᠎ ᠤ ᠡᠳᠦᠷ᠂ ᠴᠠᠩ ᠴᠢᠩ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ︽ᠨᠠᠰᠤᠨ ᠳᠤ ᠥᠯᠥ ᠭᠦᠷᠦᠭᠰᠡᠳ ᠤᠨ ᠯᠸᠢ ᠹᠧᠩ ᠠᠴᠠ ᠰᠤᠷᠤᠯᠴᠠᠬᠤ ᠭᠤᠤᠯ ᠰᠡᠳᠦᠪᠲᠦ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ︾᠎ ᠶᠢ ᠵᠣᠬᠢᠶᠠᠨ ᠪᠠᠶᠢᠭᠤᠯᠵᠤ ᠥᠷᠨᠢᠭᠦᠯᠪᠡ᠃    ᠹᠦ᠋ ᠰᠢᠨ ᠵᠡᠭᠦᠨ ᠵᠠᠮ ᠤᠨ ᠨᠡᠶᠢᠭᠡᠮ ᠲᠣᠭᠤᠷᠢᠭ ᠤᠨ ᠭᠤᠣᠯ ᠬᠤᠷᠠᠯ ᠤᠨ ᠲᠠᠯᠠᠪᠠᠢ ᠶᠢᠨ ᠲᠣᠭᠤᠷᠢᠭ ᠤᠨ ᠬᠢᠨ ᠨᠠᠰᠤᠨ ᠳᠤ ᠦᠯᠦ ᠬᠦᠷᠦᠭᠰᠡᠳ ᠵᠢᠴᠢ ᠭᠡᠷ ᠤᠨ ᠠᠬᠠᠮᠠᠳ ᠢ ᠵᠣᠬᠢᠶᠠᠨ ᠪᠠᠶᠢᠭᠤᠯᠤᠨ ᠯᠸᠢ ᠹᠧᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠭᠤᠯᠤᠨ ᠦᠵᠡᠭᠦᠯᠵᠦ᠂ ᠯᠸᠢ ᠹᠧᠩ ᠤᠨ ᠦᠯᠢᠭᠡᠷ ᠢ ᠡᠷᠭᠢᠴᠡᠭᠦᠯᠦᠨ᠂ ᠯᠸᠢ ᠹᠧᠩ ᠤᠨ ᠵᠣᠷᠢᠭ ᠰᠠᠨᠠᠭ᠎ᠠ ᠶᠢ ᠬᠠᠮᠲᠤ ᠪᠠᠷ ᠣᠶᠢᠯᠠᠭᠠᠵᠤ᠂ ᠰᠢᠯᠢᠳᠡᠭ ᠤᠯᠠᠮᠵᠢᠯᠠᠯ ᠢ ᠣᠶᠢᠯᠠᠭᠠᠪᠠ᠃ ᠹᠦᠰᠢᠨ ᠵᠡᠭᠦᠨ ᠵᠠᠮ ᠤᠨ ᠨᠡᠶᠢᠭᠡᠮ ᠲᠣᠭᠤᠷᠢᠭ ᠤᠨ ᠤᠬᠠᠭᠤᠯᠤᠨ ᠲᠠᠶᠢᠯᠪᠤᠷᠢᠯᠠᠭᠴᠢ ᠵᠢᠴᠢ ᠰᠠᠶᠢᠨ ᠳᠤᠷ᠎ᠠ ᠶᠢᠨ ᠠᠵᠢᠯᠯᠠᠭᠴᠢᠳ ᠰᠤᠷᠤᠭᠴᠢᠳ᠂ ᠬᠡᠷ ᠤᠨ ᠠᠬᠠᠮᠠᠳ ᠲᠠᠢ ᠳᠣᠲᠣᠨᠣ ᠪᠠᠷ ᠬᠠᠷᠢᠯᠴᠠᠵᠤ᠂ ᠨᠠᠰᠤᠨ ᠳᠤ ᠥᠯᠥ ᠭᠦᠷᠦᠭᠰᠡᠳ ᠤᠨ ᠰᠠᠶᠢᠨ ᠳᠤᠷ᠎ᠠ ᠶᠢᠨ ᠦᠶᠯᠡᠴᠢᠯᠡᠭᠡ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠰᠢᠨ᠎ᠡ ᠴᠠᠭ ᠦᠶ᠎ᠡ ᠶᠢᠨ ᠯᠸᠢ ᠹᠧᠩ ᠤᠨ ᠤᠯᠠᠮᠵᠢᠯᠠᠭᠴᠢ ᠪᠣᠯᠬᠤ ᠪᠠᠷ ᠤᠷᠢᠶᠠᠯᠠᠨ᠎ᠠ᠃ ᠵᠢᠶ ᠮᠧᠶ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠪᠠᠰᠠ ᠪᠢᠴᠢᠬᠠᠨ ᠨᠠᠶᠢᠵᠠ ᠨᠠᠷ ᠢ ᠳᠠᠭᠠᠭᠤᠯᠤᠨ ᠯᠸᠢ ᠹᠧᠩ ᠠᠴᠠ ᠰᠤᠷᠤᠯᠴᠠᠬᠤ ᠭᠤᠣᠯ ᠰᠡᠳᠦᠪᠲᠦ ᠵᠢᠷᠤᠭ ᠤᠨ ᠠᠵᠢᠯᠯᠠᠭ᠎ᠠ ᠶᠢ ᠥᠷᠨᠢᠭᠦᠯᠵᠡᠶ᠃ ᠬᠤᠷᠠᠯ ᠤᠨ ᠭᠤᠣᠯ ᠲᠠᠯᠠᠪᠠᠶ ᠶᠢᠨ ᠠᠵᠢᠯᠯᠠᠭ᠎ᠠ ᠨᠢ ︽ᠯᠸᠢ ᠹᠧᠩ ᠤᠨ ᠰᠠᠶᠢᠨ ᠳᠠᠭᠤᠷᠢᠶᠠᠯ ᠠᠴᠠ ᠰᠤᠷᠤᠯᠴᠠᠶ᠎ᠠ︾ ᠭᠡᠬᠦ ᠳᠠᠭᠤᠤ ᠶᠢ ᠳᠠᠭᠤᠯᠠᠬᠤ ᠳᠤᠮᠳᠠ ᠥᠨᠳᠥᠷᠯᠡᠪᠡ᠃   ᠤᠬᠠᠭᠤᠯᠭ᠎ᠠ ᠬᠥᠮᠦᠵᠢᠯ ᠪᠣᠯᠤᠨ ᠦᠢᠯᠡᠳᠦᠯᠭᠡ ᠶᠢ ᠬᠦᠳᠦᠯᠦᠨ ᠵᠢᠯᠣᠭᠤᠳᠬᠤ ᠶᠢ ᠭᠦᠢᠴᠡᠳ ᠤᠶᠠᠯᠳᠤᠭᠤᠯᠬᠤ ᠶᠢᠨ ᠲᠥᠯᠥᠭᠡ᠂ ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢᠳ ᠵᠢᠶᠠ ᠮᠧᠢ ᠴᠡᠴᠡᠷᠯᠢᠭ ᠤᠨ ᠲᠣᠭᠤᠷᠢᠭ ᠲᠤ ᠭᠦᠨᠵᠡᠭᠡᠶᠢᠷᠡᠵᠦ᠂ ᠵᠢᠶᠠ ᠮᠧᠢ ᠨᠡᠶᠢᠭᠡᠮ ᠲᠣᠭᠤᠷᠢᠭ ᠤᠨ ᠤᠬᠠᠭᠤᠯᠤᠨ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠰᠤᠷᠤᠯᠴᠠᠭᠰᠠᠨ ᠤ ᠲᠠᠷᠠᠭ᠎ᠠ᠂ ᠲᠣᠭᠤᠷᠢᠭ ᠤᠨ ᠬᠤᠭ ᠨᠣᠪᠰᠢ ᠶᠢ ᠲᠡᠭᠦᠵᠦ᠂  ᠪᠠᠭ᠎ᠠ ᠬᠡᠦᠬᠡᠳ ᠢᠶᠠᠷ ᠨᠡᠩ ᠤᠯᠠᠨ ᠬᠥᠮᠦᠰ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠵᠤ᠂ ᠭᠡᠷ ᠣᠷᠣᠨ ᠤ ᠡᠷᠡᠭᠦᠯ ᠬᠠᠮᠠᠭᠠᠯᠠᠯ ᠢ ᠬᠠᠶᠢᠷᠠᠯᠠᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠡᠢ᠃    ᠳ᠋ᠦᠩ ᠱᠠ ᠡᡁᠧ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠪᠢᠴᠢᠬᠠᠨ ᠨᠠᠶᠢᠵᠠ ᠨᠠᠷ ᠢᠶᠠᠨ ᠳᠠᠭᠠᠭᠤᠯᠵᠤ ︽ᠬᠥᠷᠰᠢ ᠵᠡᠷᠭᠡᠯᠡᠳᠡᠭᠡ ᠪᠠᠨ ᠰᠠᠬᠢᠨ ᠪᠠᠷᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠤᠯᠠᠭᠠᠨᠴᠠᠪ ᠬᠤᠳᠠ ᠶᠢᠨ ᠵᠡᠮᠳᠡᠭᠴᠦᠳ ᠤᠨ ᠶᠣᠰᠣ ᠰᠤᠷᠲᠠᠬᠤᠨ ᠤ ᠵᠢᠱᠢᠶᠡᠴᠢ ᠯᠢ ᠵᠢᠶᠠᠨ ᠵᠢᠶᠦ᠋ᠨ ᠤ ᠭᠡᠷ ᠲᠤ ᠬᠦᠷᠴᠦ ᠠᠷᠢᠭᠤᠨ ᠴᠡᠪᠡᠷ ᠢ ᠴᠡᠪᠡᠷᠯᠡᠬᠦ ᠪᠠ ᠤᠶᠤᠨ ᠰᠠᠨᠠᠭᠠᠨ ᠤ ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠪᠡ᠂ᠡᠶᠢᠮᠦᠷᠬᠦ ᠬᠠᠯᠠᠭᠤᠨ ᠳᠤᠯᠠᠭᠠᠨ ᠪᠠᠶᠢᠳᠠᠯ ᠨᠢ ᠯᠢ ᠵᠢᠶᠠᠨ ᠵᠢᠶᠦ᠋ᠨ ᠢ ᠮᠠᠰᠢ ᠪᠠᠶᠠᠷᠯᠠᠭᠤᠯᠵᠠᠢ᠃    ᠹᠦ᠋ ᠬᠤᠸᠠ ᠨᠡᠶᠢᠭᠡᠮ ᠲᠣᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠶ ᠳᠤ᠂ ᠨᠠᠰᠤᠨ ᠳᠤ ᠥᠯᠥ ᠭᠦᠷᠦᠭᠰᠡᠳ ᠢ ᠵᠣᠬᠢᠶᠠᠨ ᠪᠠᠶᠢᠭᠤᠯᠵᠤ ᠯᠸᠢ ᠹᠧᠩ ᠤᠨ ᠵᠣᠷᠢᠭ ᠰᠠᠨᠠᠭᠠᠨ ᠤ ᠲᠠᠭᠤ ᠳᠦᠷᠰᠦ ᠰᠢᠩᠭᠡᠭᠡᠯᠲᠡ ᠶᠢ ᠰᠢᠩᠭᠡᠭᠡᠨ ᠰᠤᠷᠤᠯᠴᠠᠭᠤᠯᠵᠤ᠂ ︽ᠪᠢᠴᠢᠯ ᠬᠢᠴᠢᠶᠡᠯ ᠤᠨ ᠲᠠᠩᠬᠢᠮ︾᠎ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠥᠷᠭᠡᠨ ᠢᠶᠠᠷ ᠤᠯᠠᠮᠵᠢᠯᠠᠨ ᠲᠠᠷᠬᠠᠭᠠᠵᠤ᠂ ᠪᠢᠴᠢᠬᠠᠨ ᠨᠠᠶᠢᠵᠠ ᠨᠠᠷ ᠤᠨ ᠲᠠᠭᠤᠨ ᠢᠶᠠᠷ ᠳᠠᠮᠵᠢᠭᠤᠯᠤᠨ ᠯᠸᠢ ᠹᠧᠩ ᠤᠨ ᠦᠶᠯᠡ ᠠᠵᠢᠯᠯᠠᠭ᠎ᠠ ᠶᠢ ᠶᠡᠭᠡ ᠪᠠᠷ ᠤᠬᠠᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠷᠢᠶ᠎ᠠ ᠣᠷᠣᠨ ᠳᠠᠭᠠᠨ ᠥᠭᠡᠳᠡᠯᠡᠨ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠣᠯᠭᠠᠭᠰᠠᠨ ᠪᠠᠶᠢᠨ᠎ᠠ᠃   ᠯᠧᠢ ᠹᠧᠩ ᠶᠡᠷᠦ ᠠᠴᠠ ᠬᠤᠯᠠ ᠶᠠᠪᠤᠭᠰᠠᠨ ᠦᠭᠡᠢ᠂ ᠯᠧᠢ ᠹᠧᠩ ᠶᠠᠭ ᠪᠢᠳᠡᠨ ᠤ ᠬᠠᠵᠠᠭᠤ ᠳᠤ ᠪᠠᠢᠨ᠎ᠠ᠃ ᠯᠸᠢ ᠹᠧᠩ ᠣᠬᠤᠷᠬᠠᠨ ᠨᠢᠭᠡ ᠨᠠᠰᠤ ᠪᠠᠷ ᠢᠶᠠᠨ ᠬᠥᠮᠦᠨ ᠤ ᠠᠮᠢᠳᠤᠷᠠᠯ ᠤᠨ ᠢᠷᠠᠭᠤ ᠭᠠᠶᠢᠬᠠᠮᠰᠢᠭᠲᠤ ᠰᠢᠯᠦᠭ ᠢ ᠪᠢᠴᠢᠭᠯᠡᠵᠦ᠂ ᠬᠥᠮᠦᠰ ᠢ ᠪᠢᠰᠢᠷᠡᠭᠦᠯᠦᠮ᠎ᠡ ᠶᠣᠰᠣ ᠮᠣᠷᠠᠯ ᠤᠨ ᠥᠷᠯᠥᠭ ᠬᠥᠰᠢᠶ᠎ᠡ ᠶᠢ ᠪᠤᠰᠬᠠᠵᠠᠶ᠂ ᠡᠨᠡ ᠪᠣᠯ ᠪᠦᠬᠦ ᠤᠯᠤᠰ ᠤᠨ ᠠᠷᠠᠳ ᠲᠦᠮᠡᠨ ᠤ ᠰᠤᠷᠤᠯᠴᠠᠬᠤ ᠭᠡᠷᠡᠯ ᠰᠠᠴᠤᠷᠠᠩᠭᠤᠶ ᠦᠯᠢᠭᠡᠷ ᠳᠠᠭᠤᠷᠢᠶᠠᠯ ᠮᠥᠨ᠃ ᠴᠠᠩ ᠴᠢᠩ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠡᠩᠨᠡᠭᠡ ᠶᠢ ᠲᠠᠰᠤᠷᠠᠯᠲᠠ ᠥᠬᠡᠶ ᠬᠥᠭᠵᠢᠭᠦᠯᠦᠨ ᠪᠤᠵᠠᠭᠠᠶᠢᠷᠠᠭᠤᠯᠵᠤ᠂ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ᠂ ᠪᠠᠶᠢᠩᠭᠤ ᠶᠢᠨ ᠴᠢᠨᠠᠷᠲᠠᠶ ᠪᠣᠯᠭᠠᠵᠤ᠂ ᠯᠸᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠭᠤᠯᠤᠨ᠎ᠠ︕                           ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2