ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ 2023 ᠣᠨ ᠤ 2 ᠰᠠᠷ᠎ᠠ ᠳᠤ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠶᠢᠨ ︽ᠪᠦᠬᠦᠨ ᠳᠤ ᠳᠣᠭᠢᠷᠠᠬᠤ ᠺᠠᠷᠲ︾ ᠲᠠᠷᠬᠠᠭᠠᠭᠰᠠᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2023/3/8
   ᠨᠥᠬᠦᠪᠥᠷᠢ ᠶᠢᠨ ᠪᠠᠯᠠ ᠮᠥᠩᠭᠦ ᠶᠢᠨ ᠲᠠᠷᠬᠠᠭᠠᠯᠲᠠ ᠶᠢ ᠢᠯᠡ᠂ ᠲᠥᠪ ᠭᠤᠤᠯᠴᠢ᠂ ᠵᠢᠷᠤᠮᠵᠢᠯ ᠲᠠᠢ ᠪᠠᠶᠢᠯᠭᠠᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠬᠤ ᠶᠢᠨ ᠲᠤᠰᠠᠳᠠ᠂ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠣᠯᠠᠨ ᠵᠦᠶᠯ ᠤᠨ ᠠᠷᠭ᠎ᠠ ᠬᠡᠮᠵᠢᠶ᠎ᠡ ᠠᠪᠴᠤ ᠂ 2023 ᠣᠨ ᠤ ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠬᠦ ᠪᠠᠯᠠ ᠮᠥᠩᠭᠦ ᠶᠢᠨ ᠲᠠᠷᠬᠠᠭᠠᠯᠲᠠ ᠶᠢᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠪᠠ᠃ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠯᠭᠤᠬᠤ ᠵᠠᠷᠴᠢᠮ ᠶᠣᠰᠣᠭᠠᠷ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾᠎ ᠤᠨ ᠰᠢᠰᠲ᠋ᠧᠮ ᠢᠶᠠᠷ ᠳᠠᠮᠵᠢᠭᠤᠯᠤᠨ  ᠪᠣᠲᠠᠲᠠᠶᠢᠵᠢᠭᠤᠯᠪᠠ᠃   ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ 2 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ  ᠲᠣᠭᠤᠷᠢᠭ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ ᠶᠢ ᠨᠡᠶᠢᠲᠡ 3162.15 ᠲᠦᠮᠡᠨ ᠲᠥᠭᠦᠷᠢᠭ ᠲᠠᠷᠬᠠᠭᠠᠵᠤ᠂ ᠨᠡᠶᠢᠲᠡ 137809 ᠬᠥᠮᠦᠨ ᠤᠳᠠᠭ᠎ᠠ ᠨᠥᠬᠦᠪᠥᠷᠢ ᠥᠭᠴᠦ᠂ ᠲᠠᠷᠢᠶᠠᠯᠠᠩ ᠤᠨ ᠲᠥᠷᠥᠯ ᠤᠨ ᠨᠥᠬᠦᠪᠥᠷᠢ ︵ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠥᠷᠢ ᠪᠠᠭᠲᠠᠨ᠎ᠠ᠂ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ︶᠂ ᠤᠢ ᠰᠢᠭᠤᠶ ᠶᠢᠨ ᠲᠦᠷᠦᠯ ᠤᠨ ᠨᠥᠬᠦᠪᠥᠷᠢ  ︵ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠨᠥᠬᠦᠪᠥᠷᠢ ᠪᠠᠭᠲᠠᠨ᠎ᠠ᠂ ᠣᠶ ᠰᠢᠭᠤᠶ ᠶᠢᠨ ᠬᠠᠮᠢᠶᠠᠷᠤᠯᠲᠠ ᠶᠢᠨ ᠠᠵᠢᠯᠲᠠᠨ ᠤ ᠴᠠᠯᠢᠩ ᠤᠨ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠤᠢ ᠰᠢᠭᠤᠶ ᠶᠢᠨ ᠠᠮᠢ ᠠᠬᠤᠶ ᠶᠢᠨ ᠦᠷ᠎ᠡ︶᠂ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ︵ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠨᠥᠬᠦᠪᠥᠷᠢ ᠪᠠᠭᠲᠠᠨ᠎ᠠ︶᠂ ᠨᠡᠶᠢᠭᠡᠮ ᠤᠨ ᠪᠠᠲᠤᠯᠠᠭ᠎ᠠ ᠶᠢᠨ ᠲᠥᠷᠥᠯ ︵ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠬᠤᠲᠠ ᠶᠢᠨ ᠰᠠᠭᠤᠭᠠᠯᠢ ᠠᠷᠠᠳ ᠤᠨ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ᠂ ᠲᠠᠪᠤᠨ ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠨᠥᠬᠦᠪᠥᠷᠢ᠂ ᠭᠤᠷᠪᠠ ᠳᠤ᠂ ᠬᠥᠮᠦᠰ ᠢ ᠠᠰᠠᠷᠠᠨ ᠲᠡᠵᠢᠭᠡᠬᠦ ᠨᠥᠬᠦᠪᠥᠷᠢ ᠦᠭᠡᠶ᠂ ᠠᠵᠢᠯ ᠠᠴᠠ ᠪᠠᠨ ᠪᠠᠭᠤᠭᠰᠠᠨ ᠬᠥᠭᠰᠢᠨ ᠪᠠᠭᠤᠷᠠᠶ ᠵᠡᠮᠳᠡᠭ ᠠᠵᠢᠯᠲᠠᠨ ᠠᠵᠢᠯᠴᠢᠨ ᠤ ᠲᠡᠳᠬᠦᠮᠵᠢ ᠶᠢᠨ ᠮᠥᠩᠭᠦ ᠶᠢ ᠴᠣᠮᠬᠠᠳᠬᠠᠵᠤ᠂ ᠭᠤᠷᠪᠠᠨ ᠠᠷᠠᠳ ᠲᠤ ᠲᠣᠭᠲᠠᠮᠠᠯ ᠬᠤᠭᠤᠴᠠᠭ᠎ᠠ ᠲᠠᠢ ᠲᠣᠭᠲᠠᠭᠰᠠᠨ ᠬᠡᠮᠵᠢᠶ᠎ᠡ ᠲᠠᠢ ᠨᠥᠬᠦᠪᠥᠷᠢ᠂ ᠥᠨᠥᠴᠢᠨ ᠬᠡᠤᠬᠡᠳ ᠢ ᠠᠰᠠᠷᠠᠨ ᠲᠡᠵᠢᠭᠡᠬᠦ ᠨᠥᠬᠦᠪᠥᠷᠢ᠂ ᠵᠡᠮᠳᠡᠭᠴᠦᠳ ᠤᠨ ᠬᠤᠶᠠᠷ ᠵᠦᠶᠯ ᠤᠨ ᠨᠥᠬᠦᠪᠥᠷᠢ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ᠂ ᠣᠷᠳᠣ ᠨᠠᠰᠤᠯᠠᠬᠤ ᠨᠥᠬᠦᠪᠥᠷᠢ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠠᠪᠤᠷᠠᠨ ᠲᠤᠰᠠᠯᠠᠬᠤ ᠨᠥᠬᠦᠪᠥᠷᠢ᠂ ᠬᠤᠲᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠰᠤᠪᠢᠯᠠᠬᠤ ᠨᠥᠬᠦᠪᠥᠷᠢ᠂ ᠬᠤᠲᠠ ᠪᠠᠯᠭᠠᠰᠤ ᠮᠠᠯᠵᠢᠬᠤ ᠣᠷᠣᠨ ᠤ ᠠᠵᠤ ᠠᠬᠤᠶ ᠶᠢᠨ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ ᠦᠶᠯᠡᠴᠢᠯᠡᠭᠡᠨ ᠤ ᠨᠥᠬᠦᠪᠥᠷᠢ︶᠂ ᠴᠠᠯᠢᠩ ᠤᠨ ᠨᠥᠬᠦᠪᠥᠷᠢ ᠶᠢᠨ ᠲᠥᠷᠥᠯ ︵ᠲᠣᠰᠬᠤᠨ ᠤ ᠺᠠᠳ᠋ᠷ ᠤᠨ ᠠᠮᠢᠳᠤᠷᠠᠯ ᠤᠨ ᠨᠥᠬᠦᠪᠥᠷᠢ ᠪᠠᠭᠲᠠᠨ᠎ᠠ︶ ᠳᠥᠷᠪᠡᠨ ᠲᠥᠷᠥᠯ ᠤᠨ ᠬᠦᠷᠢᠶ᠎ᠡ ᠬᠡᠪᠴᠢᠶ᠎ᠡ  ᠶᠢ  ᠪᠠᠭᠲᠠᠭᠠᠨ᠎ᠠ ︵ᠵᠢᠷᠤᠭ ᠲᠤ ᠢᠯᠡᠷᠬᠡᠶᠢᠯᠡᠭᠰᠡᠨ ᠮᠡᠲᠦ︶᠃
20230308093753198001.jpg
                                                  ᠣᠷᠴᠢᠭᠤᠯᠤᠭᠴᠢ᠄ ᠳ᠋ᠦᠩ ᠾᠦᠢ
 
ᠢᠷᠡᠯᠲᠡ᠄ ᠵᠢᠨᠢᠩ ᠲᠣᠭᠣᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2